ᠮᠠᠨ ᠤ ᠣᠷᠣᠨ ᠤ ᠳᠤᠮᠳᠠ ᠬᠡᠰᠡᠭ ᠭᠠᠵᠠᠷ ᠤᠨ ᠭᠤᠷᠪᠠᠨ ᠬᠢᠴᠢᠶᠡᠯ ᠲᠥᠷᠥᠯ ᠤᠨ 143 ᠪᠠᠭᠰᠢ ᠪᠡᠭᠡᠵᠢᠩ ᠳᠤ ᠪᠣᠯᠪᠠᠰᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/4/21
    ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠭᠦᠬᠡᠨ᠂ ᠥᠪᠥᠷ ᠮᠣᠩᠭᠤᠯ ᠤᠨ ᠳᠤᠮᠳᠠ ᠬᠡᠰᠡᠭ ᠭᠠᠵᠠᠷ ᠤᠨ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠬᠢᠴᠢᠶᠡᠯ ᠲᠥᠷᠥᠯ ᠤᠨ ᠪᠠᠭᠰᠢ ᠶᠢᠨ ᠪᠣᠯᠪᠠᠰᠤᠷᠠᠯ ᠤᠨ ᠠᠩᠭᠢ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠢᠴᠢᠶᠡᠯ ᠡᠬᠢᠯᠡᠪᠡ᠂ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠤᠯ ᠠᠶᠢᠮᠠᠭ ᠤᠨ ᠭᠤᠷᠪᠠᠨ ᠬᠢᠴᠢᠶᠡᠯ ᠲᠥᠷᠥᠯ ᠤᠨ 143 ᠪᠠᠭᠰᠢ ᠪᠣᠯᠪᠠᠰᠤᠷᠠᠯ ᠳᠤ ᠣᠷᠣᠯᠴᠠᠵᠠᠶ᠃     ᠲᠣᠰ ᠤᠳᠠᠭᠠᠨ ᠤ ᠪᠣᠯᠪᠠᠰᠤᠷᠠᠯ ᠪᠣᠯ ᠮᠠᠨ ᠤ ᠣᠷᠣᠨ ᠤ ᠳᠤᠮᠳᠠ ᠬᠡᠰᠡᠭ ᠭᠠᠵᠠᠷ ᠤᠨ ᠳᠥᠷᠪᠡᠨ ᠠᠶᠢᠮᠠᠭ ᠬᠤᠲᠠ ᠶᠢᠨ ᠨᠢᠭᠡ ᠵᠢᠯ ᠤᠨ ᠬᠤᠭᠤᠴᠠᠭ᠎ᠠ ᠲᠠᠢ ᠪᠣᠯᠪᠠᠰᠤᠷᠠᠯ ᠤᠨ ᠲᠥᠯᠥᠪᠯᠡᠭᠡ ᠶᠢᠨ ᠨᠢᠭᠡ ᠬᠡᠰᠡᠭ ᠪᠣᠯᠤᠨ᠎ᠠ᠂ ᠡᠪᠦᠯ ᠤᠨ ᠠᠮᠠᠷᠠᠯᠲᠠ ᠠᠴᠠ ᠡᠮᠦᠨᠡᠬᠢ 15 ᠡᠳᠦᠷ ᠤᠨ ᠨᠢᠭᠡᠳᠦᠭᠡᠷ ᠱᠠᠲᠤᠨ ᠤ ᠰᠦᠯᠵᠢᠶᠡᠨ ᠳᠡᠭᠡᠷᠡᠬᠢ ᠪᠣᠯᠪᠠᠰᠤᠷᠠᠯ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠰᠤᠷᠭᠠᠭᠤᠯᠢ ᠳᠤ ᠣᠴᠢᠵᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠤᠭᠰᠠᠨ ᠤ ᠳᠠᠷᠠᠭ᠎ᠠ᠂ ᠲᠥᠪᠯᠡᠷᠡᠭᠦᠯᠦᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠨᠢᠭᠡᠳᠦᠭᠡᠷ ᠬᠤᠭᠤᠴᠠᠭᠠᠨ ᠤ ᠰᠦᠯᠵᠢᠶᠡᠨ ᠭᠠᠳᠠᠨᠠᠬᠢ ᠪᠣᠯᠪᠠᠰᠤᠷᠠᠯ ᠤᠨ ᠠᠩᠭᠢ ᠪᠣᠯᠤᠨ᠎ᠠ᠃ ᠪᠣᠯᠪᠠᠰᠤᠷᠠᠯ ᠨᠢ ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠣᠪᠴᠢᠶ᠎ᠠ᠂ ᠭᠤᠷᠪᠠᠨ ᠬᠢᠴᠢᠶᠡᠯ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠭᠰᠡᠨ ᠳᠤᠭᠤᠶᠢᠯᠠᠩ ᠤᠨ ᠪᠦᠷᠢᠯᠳᠦᠭᠦᠨ᠂ ᠬᠢᠴᠢᠶᠡᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠳᠤᠭᠤᠶᠢᠯᠠᠩ ᠤᠨ ᠪᠦᠷᠢᠯᠳᠦᠭᠦᠨ ᠵᠢᠴᠢ ᠪᠡᠭᠡᠵᠢᠩ ᠲᠢᠶᠠᠨᠵᠢᠨ ᠾᠧᠪᠸᠢ ᠥᠪᠥᠷ ᠮᠣᠩᠭᠤᠯ ᠵᠡᠷᠭᠡ ᠭᠠᠵᠠᠷ ᠤᠨ ᠨᠢᠭᠡᠳᠦᠭᠡᠷ ᠹᠷᠣᠨᠲ ᠤᠨ ᠰᠢᠯᠢᠳᠡᠭ ᠪᠠᠭᠰᠢ᠂ ᠵᠢᠭᠠᠨ ᠰᠤᠳᠤᠯᠤᠭᠴᠢ ᠪᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ ᠤ ᠪᠦᠯᠬᠦᠮ ᠢ ᠤᠷᠢᠵᠤ᠂ ᠵᠢᠭᠠᠨ ᠰᠤᠷᠭᠠᠯᠲᠠ ᠶᠢᠨ ᠨᠡᠶᠢᠲᠡᠯᠢᠭ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠷᠪᠠᠨ ᠬᠢᠴᠢᠶᠡᠯ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠤᠨ ᠪᠠᠷᠢᠮᠵᠢᠶ᠎ᠠ ᠶᠢᠨ ᠣᠨᠣᠯᠵᠢᠬᠤᠨ᠂ ᠠᠭᠤᠯᠭ᠎ᠠ ᠶᠢᠨ ᠪᠦᠲᠦᠴᠡ ᠵᠡᠷᠭᠡ ᠶᠢ ᠲᠣᠳᠣᠷᠬᠠᠶᠢᠯᠠᠨ ᠲᠠᠶᠢᠯᠪᠤᠷᠢᠯᠠᠵᠤ᠂ ᠣᠨᠴᠠᠭᠠᠶᠢᠯᠠᠨ ᠭᠤᠷᠪᠠᠨ ᠬᠢᠴᠢᠶᠡᠯ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠭᠤᠣᠯᠳᠠᠯᠭ᠎ᠠ ᠲᠠᠢ ᠬᠦᠴᠢᠷ ᠠᠰᠠᠭᠤᠳᠠᠯ᠂ ᠵᠢᠭᠠᠨ ᠰᠤᠷᠭᠠᠯᠲᠠ ᠶᠢᠨ ᠠᠷᠭ᠎ᠠ ᠳᠤ ᠠᠩᠬᠠᠷᠤᠯ ᠢᠶᠠᠨ ᠲᠥᠪᠯᠡᠷᠡᠭᠦᠯᠪᠡ᠃ ᠪᠣᠯᠪᠠᠰᠤᠷᠠᠯ ᠳᠤ ᠪᠠᠰᠠ ᠰᠤᠷᠭᠠᠭᠤᠯᠢ ᠳᠤ ᠣᠴᠢᠵᠤ ᠬᠢᠴᠢᠶᠡᠯ ᠰᠣᠨᠣᠰᠬᠤ᠂ ᠬᠢᠴᠢᠶᠡᠯ ᠦᠨᠡᠯᠡᠬᠦ ᠶᠢ ᠰᠣᠨᠣᠰᠬᠤ ᠵᠡᠷᠭᠡ ᠦᠢᠯᠡᠳᠦᠯᠭᠡ ᠶᠢᠨ ᠭᠤᠭᠴᠤᠭ᠎ᠠ ᠶᠢ ᠳᠣᠭᠢᠷᠠᠭᠤᠯᠵᠤ᠂ ᠪᠣᠯᠪᠠᠰᠤᠷᠠᠯ ᠢ ᠨᠠᠩ ᠬᠠᠨᠳᠤᠯᠭᠠᠲᠤ ᠴᠢᠨᠠᠷ ᠲᠠᠢ ᠪᠣᠯᠭᠠᠵᠠᠶ᠃     ᠣᠶᠢᠯᠠᠭᠠᠭᠰᠠᠨ ᠢᠶᠠᠷ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠭᠤᠷᠪᠠᠨ ᠬᠢᠴᠢᠶᠡᠯ ᠲᠥᠷᠥᠯ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠥᠷᠨᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠤ ᠵᠣᠬᠢᠴᠠᠭᠤᠯᠭ᠎ᠠ ᠵᠢᠯᠣᠭᠤᠳᠣᠯᠭ᠎ᠠ ᠳᠣᠤᠷ᠎ᠠ᠂ 2020 ᠣᠨ ᠤ 12 ᠳ᠋ᠤᠭᠠᠷ ᠰᠠᠷ᠎ᠠ ᠠᠴᠠ ᠡᠬᠢᠯᠡᠨ᠂ ᠪᠥᠬᠦ ᠤᠯᠤᠰ ᠤᠨ 14 ᠪᠠᠭᠰᠢ ᠶᠢᠨ ᠶᠡᠭᠡ ᠳᠡᠭᠡᠳᠦ ᠰᠤᠷᠭᠠᠭᠤᠯᠢ ᠨᠢ ᠮᠠᠨ ᠤ ᠣᠷᠣᠨ ᠤ 6 ᠶᠡᠭᠡ ᠳᠡᠭᠡᠳᠦ ᠰᠤᠷᠭᠠᠭᠤᠯᠢ ᠲᠠᠢ ᠬᠠᠮᠲᠤ ᠪᠠᠷ ᠪᠥᠬᠦ ᠣᠷᠣᠨ ᠤ 12 ᠠᠶᠢᠮᠠᠭ ᠬᠤᠲᠠ ᠶᠢ ᠬᠡᠰᠡᠭ ᠬᠤᠪᠢᠶᠠᠨ ᠳᠠᠭᠠᠭᠠᠴᠢᠯᠠᠵᠤ᠂ ᠭᠤᠷᠪᠠᠨ ᠬᠢᠴᠢᠶᠡᠯ ᠲᠥᠷᠥᠯ ᠤᠨ ᠪᠠᠭᠰᠢ ᠶᠢᠨ ᠲᠤᠰᠬᠠᠶ ᠪᠣᠯᠪᠠᠰᠤᠷᠠᠯ ᠢ ᠥᠷᠨᠢᠭᠦᠯᠪᠡ᠃ ᠡᠯ᠎ᠡ ᠬᠡᠰᠡᠭ ᠲᠣᠭᠤᠷᠢᠭ ᠤᠨ ᠪᠣᠯᠪᠠᠰᠤᠷᠠᠯ ᠢ ᠶᠠᠭ ᠦᠷᠭᠦᠯᠵᠢᠯᠡᠨ ᠥᠷᠨᠢᠵᠦ᠂ ᠮᠠᠨ ᠤ ᠣᠷᠣᠨ ᠤ ᠭᠤᠷᠪᠠᠨ ᠬᠢᠴᠢᠶᠡᠯ ᠲᠥᠷᠥᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠪᠠ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号