4 ᠳ᠋ᠦ᠋ᠭᠡᠷ ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠪᠥᠬᠦ ᠤᠯᠤᠰ ᠤᠨ ᠦᠶ᠋ᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠬᠤᠸᠠᠩ ᠷᠦᠩ ᠪᠦᠯᠬᠦᠮ ᠳᠠᠭᠠᠭᠤᠯᠤᠨ ᠬᠥᠬᠡᠬᠤᠲᠠᠨ᠎ᠠ | ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ | ᠬᠤᠷᠠᠯ ᠬᠢᠭᠰᠡᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠶᠠᠷᠢᠯᠴᠠᠬᠤ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ | ᠬᠤᠸᠠᠩ ᠷᠦᠩ ᠵᠢᠭᠠᠨ ᠭᠠᠷᠭᠠᠬᠤ ᠳᠤ ᠪᠠᠨ᠂ ᠢᠲᠡᠭᠡᠮᠵᠢ ᠪᠣᠯ ᠵᠠᠬ᠎ᠠ ᠳᠡᠯᠭᠡᠭᠦᠷ ᠤᠨ ᠠᠵᠤ ᠠᠬᠤᠶ ᠶᠢᠨ | ᠰᠠᠭᠤᠷᠢ ᠮᠥᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠬᠤ ᠪᠣᠯ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠬᠡᠷᠡᠭᠴᠡᠭᠡ ᠪᠣᠯᠬᠤ ᠪᠠᠷ ᠦᠯᠦ ᠪᠠᠷᠠᠮ ︽ᠬᠤᠶᠠᠷ ᠡᠷᠡᠭᠦᠯ | ᠮᠡᠨᠳᠦ︾ ᠶᠢ ᠠᠬᠢᠭᠤᠯᠬᠤ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠶᠢᠨ ᠬᠡᠷᠡᠭᠴᠡᠭᠡ ᠶᠤᠮ᠂ ᠨᠠᠩ ᠴᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠦᠮᠦᠰ ᠤᠨ | ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠭᠦᠨᠵᠡᠭᠡᠶᠢᠷᠡᠭᠦᠯᠬᠦ ᠶᠢᠨ ᠬᠡᠷᠡᠭᠴᠡᠭᠡ ᠮᠥᠨ᠃ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠵᠢᠴᠢ ᠠᠵᠤ ᠦᠶ᠋ᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ | ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠢᠲᠡᠭᠡᠮᠵᠢ ᠶᠢᠨ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯᠡᠰ ᠲᠤ ᠪᠠᠨ ᠣᠷᠣᠭᠤᠯᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ | ᠠᠵᠢᠯ ᠢ ᠴᠢᠷᠮᠠᠶᠢᠨ ᠠᠬᠢᠭᠤᠯᠬᠤ ᠬᠡᠷᠡᠭᠲᠡᠶ ᠭᠡᠯᠡ᠃ | ᠴᠢ᠊ ᠪᠠᠲᠤ ᠴᠢᠬᠤᠯᠠᠴᠢᠯᠠᠬᠤ ᠳᠤ ᠪᠠᠨ᠂ ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ | ᠦᠷ᠎ᠡ ᠪᠦᠲᠦᠮᠵᠢ ᠣᠯᠵᠤ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠡᠷᠴᠢᠮ ᠢᠶᠠᠨ ᠴᠢᠩᠭᠠᠷᠠᠭᠤᠯᠬᠤ ᠪᠠᠷ | ᠳᠠᠮᠵᠢᠭᠤᠯᠤᠨ᠂ ᠢᠲᠡᠭᠡᠮᠵᠢ ᠶᠢᠨ ᠮᠡᠳᠡᠭᠡ ᠵᠠᠩᠭᠢ ᠶᠢᠨ ︽ᠪᠠᠬᠢᠯᠡᠯᠲᠡ︾ ᠪᠠ ︽ᠥᠨᠥᠴᠢᠨ ᠠᠷᠠᠯ︾ ᠢ | ᠪᠦᠲᠦᠮᠵᠢᠲᠡᠶ ᠠᠷᠢᠯᠭᠠᠪᠠ︔ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ | ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠬᠡᠪᠴᠢᠶ᠎ᠡ ᠶᠢ ᠲᠠᠰᠤᠷᠠᠯᠲᠠ ᠤᠢᠭᠡᠢ ᠥᠷᠭᠡᠳᠬᠡᠵᠦ᠂ | ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠠᠯᠬᠤᠮ ᠠᠯᠬᠤᠮ ᠢᠶᠠᠷ ᠪᠤᠶᠢᠵᠢᠭᠤᠯᠤᠨ | ᠪᠣᠵᠠᠭᠠᠶᠢᠷᠠᠭᠤᠯᠤᠭᠰᠠᠨ ᠪᠠᠶᠢᠨ᠎ᠠ︔ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠲᠣᠪᠤᠶᠢᠮ᠎ᠠ ᠰᠠᠶᠢᠲᠤᠷ | ᠠᠳᠬᠤᠵᠤ᠂ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠳᠡᠪᠬᠢᠵᠢᠯ ᠢ ᠭᠦᠢᠴᠡᠳ | ᠳᠠᠶᠢᠴᠢᠯᠠᠨ᠂ ᠪᠦᠬᠦ ᠨᠡᠶᠢᠭᠡᠮ ᠢᠶᠠᠷ ᠢᠶᠠᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠪᠠᠶᠢᠳᠠᠯ ᠢ ᠪᠣᠶ | ᠪᠣᠯᠭᠠᠵᠠᠢ᠃ ᠬᠤᠶᠢᠰᠢᠳᠠ ᠪᠢᠳᠡ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠢᠲᠡᠭᠡᠮᠵᠢ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠥᠷᠭᠦᠯᠵᠢᠯᠡᠨ ᠴᠢᠩᠭᠠᠳᠬᠠᠵᠤ᠂ ︽ᠬᠤᠶᠠᠷ ᠡᠷᠡᠭᠦᠯ ᠮᠡᠨᠳᠦ︾ ᠶᠢ | ᠴᠢᠷᠮᠠᠶᠢᠨ ᠠᠭᠢᠭᠤᠯᠤᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ ᠬᠡᠵᠡᠢ᠃ |