ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠶ᠎ᠡ
ᠨᠡᠶᠢᠲᠡᠯᠡᠭᠰᠡᠨ ᠴᠠᠭ᠄
2021/4/23
     ᠨᠠᠮ ᠤᠨ ᠲᠡᠦᠬᠡ ᠶᠢᠨ ᠰᠣᠷᠣᠯᠴᠠᠯᠭ᠎ᠠ ᠬᠥᠮᠦᠵᠢᠯ ᠢ ᠤᠯᠠᠮ ᠨᠢᠭᠡ ᠠᠯᠬᠤᠮ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ 《 ᠨᠠᠮ ᠤᠨ ᠲᠡᠦᠬᠡ ᠰᠤᠷᠤᠯᠴᠠᠨ᠂ ᠦᠵᠡᠯ ᠰᠠᠨᠠᠭ᠎ᠠ ᠪᠠᠨ ᠰᠡᠬᠡᠬᠡᠷᠡᠭᠦᠯᠵᠦ᠂ ᠪᠣᠳᠠᠲᠤ ᠶᠠᠪᠤᠳᠠᠯ ᠬᠢᠵᠦ᠂ ᠰᠢᠨ᠎ᠡ ᠪᠠᠶᠢᠳᠠᠯ ᠢ ᠪᠣᠶ ᠪᠣᠯᠭᠠᠬᠤ 》 ᠶᠢ ᠪᠡᠶᠡᠯᠡᠭᠦᠯᠬᠦ ᠶᠢᠨ ᠲᠥᠯᠥᠭᠡ᠂  ᠰᠢᠨ ᠴᠧᠩᠽᠢ ᠪᠠᠯᠭᠠᠰᠤ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ 》 ᠭᠡᠬᠦ ᠦᠶᠯᠡᠳᠦᠯᠭᠡ ᠶᠢᠨ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠥᠪᠥᠷ ᠮᠣᠩᠭᠤᠯ ᠤᠨ ᠢ ᠮᠧᠩ ᠴᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠳᠠᠮᠵᠢᠭᠤᠯᠤᠨ ᠰᠢᠨ ᠴᠧᠩᠽᠢ ᠪᠠᠯᠭᠠᠰᠤᠨ ᠤ ᠱᠤᠸᠠᠩ ᠰᠢᠩ ᠯᠣᠤ ᠰᠠᠨ ᠲᠣᠭᠤᠷᠢᠭ᠂ ᠲᠢᠶᠠᠨ ᠪᠠᠶ ᠱᠠᠨ ᠵᠡᠷᠭᠡ ᠠᠵᠤ ᠠᠬᠤᠶᠢᠯᠠᠯ ᠢ ᠬᠠᠪᠰᠤᠷᠤᠨ᠂ ᠡᠷᠳᠡᠨᠢ ᠰᠢᠰᠢ ᠶᠢᠨ ᠬᠠᠯᠢᠰᠤᠨ ᠨᠠᠭᠠᠯᠲᠠ ᠵᠢᠷᠤᠭ᠂ ᠰᠦᠯᠵᠢᠮᠡᠯ ᠵᠢᠷᠤᠭ ᠵᠢᠴᠢ ᠥᠪᠥᠷ ᠮᠣᠩᠭᠤᠯ ᠤᠨ ᠬᠡᠭᠡᠷ᠎ᠡ ᠶᠢᠨ ᠵᠢᠮᠢᠰ ᠵᠡᠷᠭᠡ ᠦᠶᠯᠡᠳᠬᠦᠨ ᠤ ᠪᠣᠷᠣᠯᠠᠭᠤᠯᠭ᠎ᠠ ᠶᠢᠨ ᠲᠠᠨᠢᠯᠴᠠᠭᠤᠯᠭ᠎ᠠ ᠶᠢ ᠬᠢᠪᠠ᠃
    ᠲᠠᠷᠠᠭᠠᠴᠢ ᠶᠢᠨ ᠠᠯᠬᠤᠮ ᠳᠤ᠂ ᠢ ᠮᠧᠩ ᠴᠢᠨ ᠺᠣᠮᠫᠠᠨᠢ ᠲᠣᠰᠬᠤᠨ ᠤ ᠠᠷᠠᠳ ᠲᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠣᠬᠤ ᠪᠣᠯᠪᠠᠰᠤᠷᠠᠭᠤᠯᠤᠯ ᠬᠢᠵᠦ᠂ ᠲᠠᠷᠢᠶᠠᠴᠢᠳ  ᠤᠨ ᠭᠠᠷ ᠤᠲᠠᠰᠤ ᠶᠢ ᠲᠠᠷᠢᠶᠠᠯᠠᠩ ᠤᠨ ᠪᠠᠭᠠᠵᠢ ᠪᠣᠯᠭᠠᠨ᠂ ᠰᠢᠭᠤᠳ ᠨᠡᠪᠲᠡᠷᠡᠭᠦᠯᠭᠡ ᠶᠢ ᠲᠠᠷᠢᠶᠠᠨ ᠠᠵᠢᠯ ᠪᠣᠯᠭᠠᠨ ᠬᠤᠪᠢᠷᠠᠭᠤᠯᠵᠤ᠂ ᠬᠥᠮᠦᠨ ᠪᠦᠬᠦᠨ ᠰᠢᠭᠤᠳ ᠨᠡᠪᠲᠡᠷᠡᠭᠦᠯᠭᠡ   ᠪᠠᠷ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠣᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠰᠢᠭᠤᠳ ᠨᠡᠪᠲᠡᠷᠡᠭᠦᠯᠭᠡ ᠶᠢ ᠲᠣᠰᠬᠤᠨ ᠳᠤ ᠣᠷᠣᠭᠤᠯᠬᠤ᠂ ᠣᠨᠴᠠ ᠭᠠᠷᠤᠯᠲᠠ ᠶᠢ ᠲᠣᠰᠬᠤᠨ ᠠᠴᠠ ᠭᠠᠷᠭᠠᠬᠤ ᠶᠢ ᠦᠨᠡᠨ ᠬᠦ ᠪᠡᠶᠡᠯᠡᠭᠦᠯᠦᠨ᠎ᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号