ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2021/4/26
     ᠲᠥᠯᠥᠪᠵᠢᠭᠦᠯᠭᠡ ᠶᠢ ᠤᠷᠢᠳᠠᠪᠠᠷ ᠬᠡᠷᠡᠭᠵᠢᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠶᠡᠷᠦᠩᠬᠡᠶ ᠰᠡᠳᠬᠢᠴᠡ ᠶᠣᠰᠣᠭᠠᠷ᠂ ᠰᠢᠨ ᠯᠢᠨ ᠪᠠᠯᠭᠠᠰᠤ ᠤᠷᠢᠳ ᠬᠤᠵᠢᠳ 1100 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠪᠠ᠃ ᠣᠳᠣᠬᠠᠨ ᠪᠣᠯᠲᠠᠯ᠎ᠠ᠂ ᠨᠡᠶᠢᠲᠡ 27000 ᠲᠡᠭᠰᠢ ᠳᠥᠷᠪᠡᠯᠵᠢᠨ ᠮᠧᠲᠷ ᠤᠨ ᠵᠠᠮ ᠂ 28000 ᠲᠡᠭᠰᠢ ᠳᠥᠷᠪᠡᠯᠵᠢᠨ ᠮᠧᠲᠷ ᠤᠨ ᠡᠪᠳᠡᠭᠳᠡᠭᠰᠡᠨ ᠪᠠᠷᠢᠯᠭ᠎ᠠ ᠂ 23000 ᠲᠡᠭᠰᠢ ᠳᠥᠷᠪᠡᠯᠵᠢᠨ ᠮᠧᠲᠷ ᠤᠨ ᠬᠡᠷᠡᠮ ᠂ 3000 ᠲᠡᠭᠰᠢ ᠳᠥᠷᠪᠡᠯᠵᠢᠨ ᠮᠧᠲᠷ ᠤᠨ ᠶᠡᠨᠳᠡᠷ᠂ 94 ᠲᠣᠮᠣ ᠡᠭᠦᠳᠡ ᠶᠢ ᠰᠡᠯᠪᠢᠨ ᠥᠭᠡᠷᠡᠴᠢᠯᠡᠨ ᠵᠠᠰᠠᠵᠤ᠂ 8500 ᠰᠠᠭᠤᠷᠢ ᠮᠣᠳᠣ ᠵᠠᠶᠢᠯᠠᠵᠤ ᠨᠣᠭᠤᠭᠠᠷᠠᠭᠤᠯᠤᠨ᠂ 1216 ᠡᠷᠦᠬᠡ ᠶᠢᠨ ᠠᠷᠢᠭᠤᠨ ᠴᠡᠪᠡᠷ ᠤᠨ ᠵᠣᠷᠯᠣᠩ ᠢ ᠪᠠᠶᠢᠭᠤᠯᠵᠤ ᠳᠠᠭᠤᠰᠬᠠᠪᠠ᠂ ᠡᠭᠦᠨ ᠳᠤ 78 ᠡᠷᠦᠬᠡ ᠶᠢᠨ ᠤᠰᠤᠨ ᠵᠣᠷᠯᠣᠩ᠂ 1138 ᠡᠷᠦᠬᠡ ᠶᠢᠨ ᠬᠠᠭᠤᠷᠠᠶ ᠵᠣᠷᠯᠣᠩ ᠪᠤᠢ᠃ ᠡᠭᠦᠨ ᠤ ᠬᠠᠮᠲᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠭᠠᠷᠭᠠᠵᠤ᠂ ᠠᠶᠢᠯ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠪᠦᠲᠦᠨ ᠡᠳᠦᠷ ᠢᠶᠠᠷ ᠠᠷᠢᠭᠤᠨ ᠴᠡᠪᠡᠷ ᠪᠠᠶᠢᠯᠭᠠᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号