ᠪᠦᠬᠦ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠲᠧᠯᠸᠢᠰ ᠤᠲᠠᠰᠤ ᠬᠤᠷᠠᠯ ᠬᠤᠷᠠᠯᠳᠤᠪᠠ  ᠵᠠᠩ ᠱᠤᠤ ᠴᠦᠨ  ᠡᠸᠤ ᠶᠠᠩ  ᠰᠢᠶᠤᠤ ᠬᠤᠢ ᠣᠷᠣᠯᠴᠠᠵᠠᠢ
ᠨᠡᠶᠢᠲᠡᠯᠡᠭᠰᠡᠨ ᠴᠠᠭ᠄
2021/4/27
     4 ᠳ᠋ᠦ᠋ᠭᠡᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠵᠤ᠂ ᠪᠥᠬᠦ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠸᠠᠺᠼᠢᠨ ᠤ ᠲᠠᠷᠢᠯᠭ᠎ᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃     ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠣᠬᠢᠶᠠᠨ ᠪᠠᠶᠢᠭᠤᠯᠤᠨ ᠳᠠᠶᠢᠴᠢᠯᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠰᠠᠶᠢᠲᠤᠷ ᠬᠢᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠸᠠᠺᠼᠢᠨ ᠤ ᠲᠠᠷᠢᠯᠭ᠎ᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠨᠢᠭᠡ ᠲᠠᠯ᠎ᠠ ᠪᠠᠷ ᠸᠠᠺᠼᠢᠨ ᠤ ᠲᠠᠷᠢᠯᠭ᠎ᠠ ᠬᠢᠬᠦ ᠶᠢ ᠠᠳᠬᠤᠵᠤ᠂ ᠨᠥᠭᠦᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠳᠬᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠡᠴᠦᠰ ᠲᠤ ᠨᠢ ᠲᠤᠯᠲᠠᠯ᠎ᠠ ᠯᠠᠪᠳᠠᠭᠤᠨ ᠰᠠᠶᠢᠲᠤᠷ ᠠᠳᠬᠤᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠬᠢᠵᠢᠭᠦᠯᠬᠦ ᠪᠠ ᠥᠷᠭᠡᠳᠬᠡᠬᠦ ᠬᠡᠷᠡᠭᠲᠡᠶ ᠭᠡᠵᠡᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号