ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠠᠰᠠᠮᠠᠯ ᠵᠠᠮ ᠤᠨ ᠲᠥᠷᠥᠯ ᠵᠦᠢᠯ ᠢ ᠳᠣᠭᠢᠷᠠᠭᠤᠯᠤᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2021/4/27
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠳᠣᠭᠢᠷᠠᠭᠤᠯᠤᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠨ ᠠᠬᠢᠯᠲᠠ ᠶᠢᠨ ᠶᠠᠪᠤᠴᠠ ᠳᠠᠬᠢ ᠲᠦᠭᠵᠢᠷᠡᠯ ᠪᠠ ᠬᠦᠴᠢᠷ ᠠᠰᠠᠭᠤᠳᠠᠯ ᠢ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠵᠦ᠂ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠵᠢᠴᠢ ᠤᠯᠤᠰ ᠪᠠ ᠮᠤᠵᠢ ᠣᠷᠣᠨ ᠤ ᠭᠤᠤᠯ ᠵᠠᠮ ᠱᠤᠭᠤᠮ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠪᠡ᠃     ᠣᠶᠢᠯᠠᠭᠠᠭᠰᠠᠨ ᠢᠶᠠᠷ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠳᠣᠭᠢᠷᠠᠭᠤᠯᠤᠨ ᠵᠣᠬᠢᠴᠠᠭᠤᠯᠬᠤ ᠠᠵᠢᠯ ᠤᠨ ᠲᠣᠭᠲᠠᠴᠠ ᠳᠤ ︽ᠠᠷᠪᠠᠨ ᠡᠳᠦᠷ ᠲᠤ ᠨᠢᠭᠡ ᠲᠣᠬᠢᠷᠠᠭᠤᠯᠤᠯᠲᠠ ᠬᠢᠵᠦ᠂ ᠰᠠᠷ᠎ᠠ ᠳᠤ ᠨᠢᠭᠡ ᠳ᠋ᠦᠩᠨᠡᠯᠲᠡ ᠬᠢᠬᠦ︾ ᠠᠷᠭ᠎ᠠ ᠮᠠᠶ᠋ᠢᠭ ᠢ ᠬᠡᠷᠡᠭᠯᠡᠨ᠂ ᠳᠣᠭᠢᠷᠠᠭᠤᠯᠬᠤ᠂ ᠵᠣᠬᠢᠴᠠᠭᠤᠯᠬᠤ᠂ ᠵᠠᠷᠯᠠᠨ ᠮᠡᠳᠡᠭᠡᠯᠡᠬᠦ ᠲᠦᠷᠢᠮ ᠢ ᠪᠠᠶᠢᠭᠤᠯᠤᠨ᠂ ᠡᠭᠦᠷᠭᠡ ᠬᠠᠷᠠᠯᠲᠠ ᠶᠢ ᠨᠠᠷᠢᠯᠢᠬᠵᠢᠭᠤᠯᠤᠨ ᠬᠤᠪᠢᠶᠠᠷᠢᠯᠠᠵᠤ᠂ ᠠᠷᠪᠠᠨ ᠡᠳᠦᠷ ᠲᠤ ᠨᠢᠭᠡ ᠤᠳᠠᠭ᠎ᠠ ᠬᠥᠳᠡᠯᠦᠩᠭᠦᠶ ᠪᠠᠷ ᠬᠢᠨᠠᠨ ᠬᠡᠮᠵᠢᠯᠲᠡ ᠬᠢᠬᠦ᠂ ᠰᠠᠷ᠎ᠠ ᠳᠤ ᠨᠢᠭᠡ ᠤᠳᠠᠭ᠎ᠠ ᠱᠠᠲᠤ ᠦᠶᠡᠴᠢ ᠳ᠋ᠦᠩᠨᠡᠯᠲᠡ ᠬᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠵᠢᠴᠢ ᠤᠯᠤᠰ ᠪᠠ ᠮᠤᠵᠢ ᠣᠷᠣᠨ ᠤ ᠭᠤᠤᠯ ᠵᠠᠮ ᠱᠤᠭᠤᠮ ᠵᠡᠷᠭᠡ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ ᠪᠠᠶᠢᠨ᠎ᠠ᠃     ᠬᠡᠷᠡᠭᠵᠢᠭᠦᠯᠬᠦ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠳᠤ ᠠᠷᠪᠠᠨ ᠡᠳᠦᠷ ᠪᠦᠷᠢ ᠬᠥᠳᠡᠯᠦᠩᠭᠦᠶ ᠬᠢᠨᠠᠨ ᠬᠡᠮᠵᠢᠯᠲᠡ ᠬᠢᠵᠦ᠂ ᠠᠬᠢᠭᠤᠯᠬᠤ ᠠᠰᠠᠭᠤᠳᠠᠯ ᠤᠨ ᠲᠤᠬᠠᠢ ᠠᠵᠢᠯ ᠤᠨ ᠡᠬᠡ ᠳᠠᠩᠰᠠ ᠶᠢ ᠰᠤᠳᠤᠯᠤᠨ ᠲᠣᠭᠲᠠᠭᠠᠵᠤ᠂ ᠠᠷᠪᠠᠨ ᠡᠳᠦᠷ ᠪᠦᠷᠢ ᠳᠤ ︽ᠪᠥᠬᠦ ᠣᠷᠣᠨ ᠤ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠤᠨ ᠵᠣᠬᠢᠴᠠᠭᠤᠯᠬᠤ ᠠᠵᠢᠯ ᠤᠨ ᠲᠣᠪᠴᠢ ᠮᠡᠳᠡᠭᠡ︾ ᠶᠢ ᠪᠤᠢ ᠪᠣᠯᠭᠠᠬᠤ ᠶᠢᠨ ᠵᠡᠷᠭᠡᠴᠡᠭᠡ ᠪᠠᠷ᠂ ᠭᠤᠣᠯᠳᠠᠯᠭ᠎ᠠ ᠲᠠᠢ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠬᠢᠯᠲᠠ ᠶᠢᠨ ᠪᠠᠶᠢᠳᠠᠯ᠂ ᠪᠡᠯᠡ ᠮᠥᠩᠭᠦ ᠶᠢ ᠭᠦᠢᠴᠡᠳ ᠲᠣᠬᠢᠷᠠᠭᠤᠯᠤᠭᠰᠠᠨ ᠪᠠᠶᠢᠳᠠᠯ᠂ ᠬᠡᠷᠡᠭᠵᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠠᠷ᠎ᠠ ᠪᠦᠷᠢ ᠡᠮᠬᠢᠯᠡᠨ ᠬᠤᠷᠢᠶᠠᠩᠭᠤᠶᠢᠯᠠᠵᠤ᠂ ︽ᠪᠥᠬᠦ ᠣᠷᠣᠨ ᠤ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠤᠨ ᠵᠣᠬᠢᠴᠠᠭᠤᠯᠬᠤ ᠰᠠᠷ᠎ᠠ ᠶᠢᠨ ᠳ᠋ᠦᠩᠨᠡᠯᠲᠡ︾ ᠶᠢ ᠪᠤᠢ ᠪᠣᠯᠭᠠᠬᠤ ᠶᠢᠨ ᠬᠠᠮᠲᠤ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠳᠤ ᠨᠡᠪᠲᠡᠷᠡᠭᠦᠯᠦᠨ ᠮᠡᠳᠡᠭᠡᠯᠡᠨ᠎ᠡ᠃     ᠡᠨᠡ ᠬᠦ ᠰᠠᠭᠤᠷᠢᠨ ᠳᠡᠭᠡᠷ᠎ᠡ᠂ ᠠᠰᠠᠭᠤᠳᠠᠯ ᠲᠣᠪᠤᠶᠢᠮ᠎ᠠ ᠪᠤᠶᠤ ᠠᠬᠢᠴᠠ ᠨᠢ ᠬᠦᠨᠳᠦ ᠨᠣᠴᠢᠲᠠᠶ ᠬᠤᠴᠣᠷᠴᠤ ᠪᠠᠶᠢᠭ᠎ᠠ ᠲᠥᠷᠥᠯ ᠵᠦᠢᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ ᠵᠣᠬᠢᠴᠠᠭᠤᠯᠬᠤ ᠠᠵᠢᠯ ᠢ ᠥᠷᠨᠢᠭᠦᠯᠵᠦ᠂ ᠬᠠᠮᠢᠶ᠎ᠠ ᠪᠥᠬᠦᠶ ᠭᠠᠵᠠᠷ ᠣᠷᠣᠨ ᠪᠤᠶᠤ ᠪᠠᠶᠢᠭᠤᠯᠭ᠎ᠠ ᠨᠢᠭᠡᠴᠢ ᠶᠢ ᠰᠢᠮᠳᠠᠭᠤᠯᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠪᠣᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号