ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠯᠢ ᠨᠠ ᠨᠠᠷ ᠰᠢᠨ ᠯᠢᠨ ᠪᠠᠯᠭᠠᠰᠤᠨ ᠳᠤ ᠬᠦᠷᠴᠦ ᠨᠠᠮ ᠤᠨ ᠲᠡᠦᠬᠡ ᠶᠢᠨ ᠰᠤᠷᠤᠯᠴᠠᠯᠭ᠎ᠠ ᠬᠢᠭᠡᠳ ︽ᠭᠤᠷᠪᠠ ᠶᠢ ᠠᠰᠠᠭᠤᠬᠤ︾ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/4/30
          4 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠯᠢ ᠨᠠ ᠨᠠᠷ ᠰᠢᠨ ᠯᠢᠨ ᠪᠠᠯᠭᠠᠰᠤᠨ ᠤ ᠯᠦ ᠱᠠᠨ ᠲᠣᠰᠬᠤᠨ ᠳᠤ ᠬᠦᠷᠴᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠬᠢᠭᠡᠳ ︽ᠭᠤᠷᠪᠠ ᠶᠢ ᠠᠰᠠᠭᠤᠬᠤ︾ ᠪᠠᠶᠢᠴᠠᠭᠠᠨ ᠰᠤᠳᠤᠯᠤᠯᠲᠠ ᠥᠷᠨᠢᠭᠦᠯᠵᠦ᠂ ᠯᠦ ᠱᠠᠨ ᠲᠣᠰᠬᠤᠨ ᠳᠤ ᠭᠤᠤᠯᠳᠠᠯᠭ᠎ᠠ ᠲᠠᠢ ᠬᠥᠮᠦᠰ ᠢ ᠰᠤᠷᠪᠤᠯᠵᠢᠯᠠᠭᠰᠠᠨ ᠪᠥᠭᠡᠳ ᠪᠠᠯᠭᠠᠰᠤ ᠲᠣᠰᠬᠤᠨ ᠤ ᠺᠠᠳ᠋ᠷ᠂ ᠯᠦ ᠱᠠᠨ ᠲᠣᠰᠬᠤᠨ ᠤ ᠨᠠᠮ ᠤᠨ ᠭᠡᠰᠢᠭᠦᠨ᠂ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ᠃ ︽ᠭᠤᠷᠪᠠ ᠶᠢ ᠠᠰᠠᠭᠤᠬᠤ︾ ᠠᠬᠢᠴᠠ ᠶᠢᠨ ᠪᠠᠶᠢᠳᠠᠯ ᠢ ᠣᠶᠢᠯᠠᠭᠠᠵᠤ᠂ ᠣᠯᠠᠨ ᠲᠦᠮᠡᠨ ᠤ ᠪᠠᠴᠢᠮ ᠰᠢᠢᠳᠪᠦᠷᠢᠯᠡᠬᠦ ᠴᠢᠬᠤᠯᠠᠲᠠᠶ ᠬᠦᠴᠢᠷ ᠠᠰᠠᠭᠤᠳᠠᠯ ᠢ ᠣᠶᠢᠯᠠᠭᠠᠵᠤ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠭᠰᠡᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠠᠰᠠᠭᠤᠵᠤ᠂ ᠯᠦ ᠱᠠᠨ ᠤ ᠲᠦᠮᠡᠨ ᠮᠢᠬᠠᠨ ᠤ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠪᠠ ᠢ ᠢᠳᠡᠰᠢᠨ ᠮᠥᠭᠦ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠴᠠᠭᠠᠨ ᠦᠵᠡᠪᠡ᠃
    ᠶᠠᠷᠢᠯᠴᠠᠬᠤ ᠬᠤᠷᠠᠯ ᠪᠠᠷ ᠳᠠᠮᠵᠢᠨ ᠤᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠵᠡᠷᠭᠡ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠭᠠᠭᠰᠠᠨ ᠪᠦᠭᠡᠳ ᠯᠣ᠋ ᠱᠠᠨ ᠲᠣᠰᠬᠤᠨ ᠳᠤ ᠭᠤᠤᠯᠳᠠᠯᠭ᠎ᠠ ᠲᠠᠢ ᠠᠩᠬᠠᠷᠴᠤ ᠪᠠᠶᠢᠭ᠎ᠠ ᠡᠷᠦᠬᠡ ᠶᠢ ᠰᠤᠷᠪᠤᠯᠵᠢᠯᠠᠵᠤ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠯᠠᠪᠯᠠᠨ ᠠᠰᠠᠭᠤᠪᠠ᠃
    ᠸᠠᠩ ᠱᠦᠵᠢ ᠢᠯᠡᠷᠬᠡᠶᠢᠯᠡᠬᠦ ᠳᠡᠭᠡᠨ᠂ ᠥᠨᠥᠳᠦᠷ ᠤᠨ ᠰᠤᠷᠪᠤᠯᠵᠢᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠪᠣᠳᠣᠯ ᠰᠠᠨᠠᠭ᠎ᠠ᠂ ᠣᠯᠠᠨ ᠤ ᠳᠤᠷᠠᠳᠤᠭᠰᠠᠨ ᠠᠰᠠᠭᠤᠳᠠᠯ᠂ ᠲᠤᠯᠭᠠᠷᠠᠭᠰᠠᠨ ᠬᠦᠴᠢᠷᠳᠡᠯ ᠢ ᠤᠯᠠᠮ ᠨᠢᠭᠡ ᠠᠯᠬᠤᠮ ᠣᠶᠢᠯᠠᠭᠠᠵᠤ᠂ ᠰᠢᠶᠠᠨ ᠠᠴᠠ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠡᠮᠬᠢᠯᠡᠨ ᠰᠤᠳᠤᠯᠵᠤ᠂ ᠣᠯᠠᠨ ᠲᠦᠮᠡᠨ ᠤ ᠪᠣᠳᠠᠲᠠᠶ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ ᠭᠡᠵᠡᠶ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号