ᠬᠤᠲᠠ ᠶᠢᠨ ᠵᠠᠰᠠᠭ ᠤᠨ ᠣᠷᠳᠤᠨ 2021 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/6
     4 ᠰᠠᠷ᠎ᠠ ᠶᠢᠨ 1 ᠤ ᠡᠳᠦᠷ᠂ ᠬᠤᠳᠠ ᠶᠢᠨ ᠳᠠᠷᠤᠭ᠎ᠠ ᠸᠠᠩ ᠸᠠᠩ ᠱᠧᠩ 2021 ᠣᠨ ᠤ ᠳᠦᠷᠪᠡᠳᠦᠭᠡᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠰᠤᠳᠤᠯᠵᠤ᠂ ︽ᠤᠯᠠᠭᠠᠨᠬᠠᠳᠠ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠡᠮᠬᠢᠯᠡᠨ ᠨᠡᠶᠢᠯᠡᠭᠦᠯᠬᠦ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠵᠢᠴᠢ ᠬᠠᠮᠢᠶᠠᠷᠤᠯᠲᠠ ᠶᠢᠨ ᠠᠷᠭ᠎ᠠ︾ ︽ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠨᠠᠷᠢᠯᠢᠭ ᠣᠨᠣᠴᠠᠲᠠᠶ ᠪᠠᠷ ᠠᠷᠠᠯᠵᠢᠶᠠᠴᠢᠨ ᠤᠷᠢᠬᠤ ᠦᠢᠯᠡᠴᠢᠯᠡᠭᠡᠨ ᠬᠤᠳᠠᠯᠳᠤᠨ ᠠᠪᠬᠤ ᠲᠥᠰᠦᠯ︾ ᠵᠡᠷᠭᠡ ᠶᠢ ᠬᠢᠨᠠᠨ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠵᠤ᠂ ᠡᠨᠧᠷᠭᠢ ᠶᠢᠨ ᠬᠤᠷᠣᠭᠳᠠᠯ ᠤᠨ ᠬᠤᠤᠰ ᠬᠢᠵᠠᠭᠠᠷᠯᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠪᠣᠯ ᠮᠠᠨ ᠤ ᠬᠤᠳᠠ ᠶᠢᠨ ᠪᠡᠭᠡᠵᠢᠩ ᠯᠦᠭᠡ ᠭᠦᠨᠵᠡᠭᠡᠢ ᠰᠣᠯᠢᠯᠴᠠᠭ᠎ᠠ ᠬᠠᠮᠵᠢᠯᠴᠠᠭ᠎ᠠ ᠬᠢᠬᠦ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠵᠠᠭᠪᠤᠷ ᠢ ᠡᠭᠦᠳᠬᠦ ᠪᠠᠷ ᠬᠡᠷᠡᠭᠵᠢᠭᠦᠯᠦᠭᠰᠡᠨ ᠨᠢᠭᠡ ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠪᠣᠯᠤᠨ᠎ᠠ᠂ ︽ᠰᠤᠳᠤᠯᠤᠨ ᠨᠡᠭᠡᠭᠡᠵᠦ ᠨᠡᠪᠴᠢᠭᠦᠯᠬᠦ ᠶᠢ ᠪᠡᠭᠡᠵᠢᠩ ᠳᠤ ᠬᠡᠷᠡᠭᠵᠢᠭᠦᠯᠵᠦ᠂ ᠤᠯᠠᠭᠠᠨᠬᠠᠳᠠ ᠳᠤ ᠤᠯᠠᠷᠢᠭᠤᠯᠤᠨ ᠨᠠᠶᠢᠳᠠᠪᠤᠷᠢᠵᠢᠭᠤᠯᠬᠤ︾ ᠡᠰᠡᠷᠭᠦ ᠴᠢᠭᠯᠡᠯ ᠤᠨ ᠣᠷᠣᠨ ᠠᠯᠤᠰᠯᠠᠭᠰᠠᠨ ᠬᠡᠯᠪᠡᠷᠢ ᠶᠢ ᠡᠭᠦᠳᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠮᠠᠨ ᠤ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠠᠵᠢᠯ ᠤᠨ ᠲᠣᠬᠢᠷᠠᠭᠤᠯᠤᠯᠲᠠ ᠪᠠ ᠨᠡᠪᠲᠡᠷᠡᠯᠴᠡᠭᠡ ᠬᠠᠮᠵᠢᠯᠴᠠᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠲᠥᠷᠥᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ᠃       ᠬᠤᠷᠠᠯ ᠠᠴᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠪᠣᠯ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠵᠠᠰᠠᠭ ᠤᠨ ᠣᠷᠳᠣᠨ ᠤ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠪᠠᠶᠢᠳᠠᠯ ᠢ ᠪᠠᠶᠢᠴᠠᠭᠠᠬᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ᠂ ᠠᠷᠠᠳ ᠤᠨ ᠵᠣᠪᠠᠭᠤᠷᠢ ᠶᠢ ᠬᠤᠪᠢᠶᠠᠷᠢᠯᠠᠬᠤ ᠰᠢᠨ᠎ᠡ ᠠᠴᠢᠶᠠᠯᠠᠪᠤᠷᠢ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠬᠠᠯᠠᠮᠰᠢᠯ ᠤᠲᠠᠰᠤ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠬᠠᠮᠲᠤᠷᠠᠨ ᠬᠠᠮᠵᠢᠯᠴᠠᠵᠤ᠂ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠲᠠᠪᠴᠠᠩ ᠢ ᠡᠮᠬᠢᠯᠡᠨ ᠨᠡᠶᠢᠯᠡᠭᠦᠯᠵᠦ ᠠᠬᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠲᠤᠮᠤ ᠳ᠋ᠠᠶᠢᠲ᠋ᠠ ᠶᠢᠨ ᠮᠡᠷᠭᠡᠵᠢᠯ᠂ ᠤᠶᠤᠨᠴᠢᠯᠠᠭᠰᠠᠨ ᠠᠷᠭ᠎ᠠ ᠪᠠᠷᠢᠯ ᠵᠡᠷᠭᠡ ᠠᠷᠭ᠎ᠠ ᠬᠡᠯᠪᠡᠷᠢ ᠳᠤ ᠲᠦᠰᠢᠭᠯᠡᠨ᠂ ᠳ᠋ᠠᠶᠢᠲ᠋ᠠ ᠶᠢᠨ ᠡᠬᠢ ᠪᠠᠶᠠᠯᠢᠭ ᠢ ᠨᠢᠭᠡᠳᠬᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠠᠷᠢᠯᠢᠭ ᠣᠨᠤᠴᠠᠲᠠᠢ ᠠᠷᠭ᠎ᠠ ᠪᠤᠳᠤᠯᠭ᠎ᠠ ᠬᠡᠷᠡᠭᠵᠢᠭᠦᠯᠬᠦ ᠳᠤ ᠦᠨᠳᠦᠰᠦᠯᠡᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠨᠠᠷᠢᠯᠢᠭ ᠣᠨᠤᠴᠠᠲᠠᠢ ᠪᠠᠷ ᠠᠷᠠᠯᠵᠢᠶᠠᠴᠢᠨ ᠤᠷᠢᠬᠤ ᠦᠢᠯᠡᠴᠢᠯᠡᠭᠡ ᠶᠢ ᠬᠤᠳᠠᠯᠳᠤᠨ ᠠᠪᠬᠤ ᠪᠣᠯ ᠮᠠᠨ ᠤ ᠬᠤᠳᠠ ᠶᠢᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠤᠨ᠎ᠠ᠂ ᠮᠥᠨᠴᠦ ᠰᠢᠨ᠎ᠡ ᠪᠠᠶᠢᠳᠠᠯ ᠳᠣᠣᠷ᠎ᠠ ᠨᠠᠷᠢᠯᠢᠭ ᠣᠨᠤᠴᠠᠲᠠᠢ ᠠᠷᠠᠯᠵᠢᠶᠠᠴᠢᠨ ᠤᠷᠢᠬᠤ ᠶᠢ ᠪᠡᠶᠡᠯᠡᠭᠦᠯᠬᠦ ᠪᠣᠳᠠᠲᠠᠢ ᠱᠠᠭᠠᠷᠳᠠᠯᠭ᠎ᠠ ᠪᠣᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ︽ᠲᠥᠰᠦᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠠᠭᠠᠭᠠᠨ ᠵᠣᠯᠭᠠᠭᠤᠯᠬᠤ ᠭᠤᠤᠯ ᠴᠣᠭᠴᠠ ᠶᠢᠨ ᠬᠢᠷᠢ ᠬᠡᠮ ᠢ ᠬᠢᠨᠠᠨ ᠬᠠᠷᠭᠤᠭᠤᠯᠬᠤ᠂ ᠵᠠᠷᠤᠳᠠᠯ ᠢ ᠪᠠᠲᠤᠯᠠᠬᠤ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠡᠨᠧᠷᠭᠢ ᠶᠢᠨ ᠬᠤᠷᠣᠭᠳᠠᠯ ᠤᠨ ᠬᠤᠣᠰ ᠬᠢᠵᠠᠭᠠᠷᠯᠠᠯ ᠤᠨ ᠠᠵᠢᠯᠯᠠᠭ᠎ᠠ ᠶᠢ ᠬᠡᠷᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠦᠷᠢᠮ ᠤᠨ ᠲᠤᠬᠢᠷᠠᠭᠤᠯᠤᠯᠳᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠶᠡᠭᠡ ᠲᠠᠯ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠡᠨᠧᠷᠭᠢ ᠶᠢᠨ ᠬᠤᠷᠤᠭᠳᠠᠯ ᠤᠨ ᠬᠤᠤᠰ ᠬᠢᠵᠠᠭᠠᠷᠯᠠᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠭᠦᠢᠴᠡᠳᠬᠡᠯ ᠲᠤᠭ᠎ᠠ ᠶᠢ ᠪᠦᠷᠢᠳᠬᠡᠬᠦ᠂ ᠬᠢᠨᠠᠨ ᠬᠡᠮᠵᠢᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠣᠨᠤᠴᠠᠲᠠᠢ ᠬᠠᠮᠢᠶᠠᠷᠤᠨ ᠡᠵᠡᠮᠳᠡᠬᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠦᠨᠡᠨᠬᠦ ᠴᠢᠩᠭᠠᠳᠬᠠᠵᠤ᠂ ᠲᠦᠷᠦᠯ ᠵᠦᠢᠯ ᠪᠠᠶᠢᠭᠤᠯᠬᠤ ᠵᠥᠪᠰᠢᠶᠡᠷᠡᠯ ᠶᠢ ᠬᠢᠨᠡᠮᠠᠭᠠᠢ ᠡᠵᠡᠮᠳᠡᠵᠦ᠂ ᠳᠠᠯᠳᠠ ᠬᠦᠴᠦᠨ ᠢ ᠠᠭᠤᠳᠠᠯᠤᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠡᠨᠡᠬᠦ ᠬᠠᠲᠠᠭᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃       ᠬᠤᠲᠠ ᠶᠢᠨ ᠤᠳᠤᠷᠢᠳᠤᠯᠭ᠎ᠠ ᠱᠧᠩ ᠰᠢᠶᠣᠣ ᠶᠢᠥ᠂ ᠸᠠᠩ ᠰᠢᠶᠤᠤ ᠳ᠋ᠦᠩ᠂ ᠬᠤ᠋ ᠴᠢᠩ ᠹᠧᠩ᠂ ᠬᠤᠸᠠᠩ ᠭᠦᠸᠧ ᠸᠧᠨ᠂ ᠴᠧᠨ ᠵᠠᠨ ᠶᠢᠩ᠂ ᠯᠢ ᡁᠢ ᠭᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号