ᠬᠤᠲᠠ ᠶᠢᠨ ᠵᠠᠰᠠᠭ ᠤᠨ ᠣᠷᠳᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/6/10
     6 ᠰᠠᠷ᠎ᠠ ᠶᠢᠨ 9 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠴᠠᠭᠠᠨ ᠰᠤᠳᠤᠯᠬᠤ ᠳᠤᠭᠤᠶᠢᠯᠠᠩ ᠨᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ  ᠶᠢᠨ ᠳᠡᠳ᠋ ᠳᠠᠷᠤᠭ᠎ᠠ ᠲᠠᠨ ᠶᠦᠩ ᠤᠨ ᠳᠠᠭᠠᠭᠤᠯᠭ᠎ᠠ ᠳᠣᠤᠷ᠎ᠠ᠂ ᠮᠠᠨ ᠤ ᠰᠢᠶᠠᠨ ᠳᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠪᠠᠶᠢᠴᠠᠭᠠᠨ ᠰᠤᠳᠤᠯᠪᠠ᠃
    ᠬᠤᠷᠠᠯ ᠠᠴᠠ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠪᠥᠬᠦ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ  ᠶᠢᠨ ᠲᠥᠷᠥᠯ ᠵᠦᠶᠯ ᠪᠠ ᠤᠰᠤᠨ ᠤ ᠡᠬᠢ ᠪᠠᠶᠠᠯᠢᠭ᠂ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠲᠤᠬᠠᠶ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂  ᠮᠠᠨ ᠤ ᠰᠢᠶᠠᠨ ᠤ ᠣᠳᠣᠬᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠨᠤᠲᠠᠯᠠᠭᠰᠠᠨ ᠪᠥᠭᠡᠳ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ ᠳᠤᠷᠠᠳᠤᠭᠰᠠᠨ ᠪᠠᠶᠢᠨ᠎ᠠ᠃
    ᠳ᠋ᠠ ᠵᠢᠩ ᠪᠠᠯᠭᠠᠰᠤᠨ ᠤ ᠵᠠᠰᠠᠭ ᠤᠨ ᠣᠷᠳᠣᠨ ᠤ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠶᠠᠩ ᠪᠠᠯᠭᠠᠰᠤᠨ ᠤ ᠺᠠᠳ᠋ᠷ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ᠂ ᠬᠤᠳᠳᠤᠭ ᠬᠠᠮᠢᠶᠠᠷᠤᠭᠴᠢ᠂ ᠲᠠᠷᠢᠮᠠᠯ ᠤᠨ ᠲᠣᠮᠣ ᠡᠷᠦᠬᠡ ᠲᠠᠢ ᠲᠣᠰ ᠲᠣᠰ ᠣᠳᠣᠬᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠣᠯᠤᠨ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号