ᠳ᠋ᠦᠩ ᠹᠠᠩ ᠬᠤᠩ ᠲᠣᠰᠬᠤᠨ ᠳᠤ ᠪᠠᠰᠠ ᠨᠢᠭᠡ ᠪᠦᠯᠦᠭ ᠬᠥᠳᠡᠯᠭᠡᠭᠡᠨ ᠤ ᠪᠠᠭᠠᠵᠢ ᠬᠡᠷᠡᠭᠰᠡᠯ ᠨᠡᠮᠡᠭᠳᠡᠯ᠎ᠡ
ᠨᠡᠶᠢᠲᠡᠯᠡᠭᠰᠡᠨ ᠴᠠᠭ᠄
2021/6/21
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠳ᠋ᠠ ᠵᠢᠩ ᠪᠠᠯᠭᠠᠰᠤ ᠣᠨᠣᠯ ᠢ ᠪᠣᠳᠠᠲᠠᠶ ᠲᠠᠢ ᠤᠶᠠᠯᠳᠤᠭᠤᠯᠬᠤ ᠶᠢ ᠢᠮᠠᠭᠲᠠ ᠴᠢᠬᠤᠯᠠᠴᠢᠯᠠᠵᠤ᠂《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ ᠂ ᠬᠠᠪᠰᠤᠷᠤᠨ ᠲᠡᠳᠬᠦᠬᠦ ᠨᠢᠭᠡᠴᠢ ᠲᠠᠢ ᠬᠠᠮᠲᠤᠷᠠᠨ《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》ᠦᠶᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠠᠮᠤᠭ ᠤᠨ ᠲᠣᠪᠣᠶᠢᠮ᠎ᠠ ᠠᠰᠠᠭᠤᠳᠠᠯ ᠠᠴᠠ ᠡᠬᠢᠯᠡᠨ ᠠᠳᠬᠤᠵᠤ᠂ ᠬᠠᠮᠤᠭ ᠤᠨ ᠪᠣᠳᠠᠲᠠᠶ ᠠᠰᠢᠭ ᠲᠤᠰᠠ ᠠᠴᠠ ᠡᠭᠦᠰᠴᠦ᠂ ᠣᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ ᠢ ᠨᠢ ᠰᠢᠶᠳᠪᠦᠷᠢᠯᠡᠨ ᠥᠭᠴᠦ᠂ ᠠᠷᠠᠳ ᠲᠦᠮᠡᠨ ᠳᠤ ᠠᠰᠢᠭ ᠬᠦᠷᠲᠡᠭᠡᠨ ᠠᠷᠠᠳ ᠲᠤ ᠲᠥᠬᠦᠮ ᠦᠵᠡᠭᠦᠯᠬᠦ ᠪᠣᠳᠠᠲᠠᠶ ᠠᠷᠭ᠎ᠠ ᠶᠢ ᠲᠠᠰᠤᠷᠠᠯᠲᠠ ᠥᠬᠡᠶ ᠭᠠᠷᠭᠠᠪᠠ᠃
         ᠬᠠᠪᠰᠤᠷᠤᠨ ᠲᠡᠳᠬᠦᠬᠦ ᠨᠢᠭᠡᠴᠢ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠳ᠋ᠦᠩ ᠹᠠᠩ ᠬᠤᠩ ᠲᠣᠰᠬᠤᠨ ᠬᠠᠮᠲᠤᠷᠠᠨ《 ᠭᠤᠷᠪᠠ ᠶᠢ ᠠᠰᠠᠭᠤᠬᠤ 》ᠠᠵᠢᠯᠯᠠᠭ᠎ᠠ ᠥᠷᠨᠢᠭᠦᠯᠬᠦ ᠦᠶᠡᠰ ᠣᠶᠢᠯᠠᠭᠠᠭᠰᠠᠨ ᠢᠶᠠᠷ᠂ ᠤᠯᠠᠭᠠᠨ ᠲᠤᠭ ᠳᠤᠭᠤᠶᠢᠯᠠᠩ ᠨᠢ ᠲᠣᠰᠬᠤᠨ ᠤ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠶ ᠠᠴᠠ ᠨᠡᠯᠢᠶᠡᠳ ᠬᠤᠯᠠ᠂ ᠲᠣᠰᠬᠤᠨ ᠤ ᠠᠷᠠᠳ ᠤᠳ ᠲᠤ ᠬᠤᠭᠤᠯᠠᠨ ᠤ ᠳᠠᠷᠠᠭᠠᠬᠢ ᠰᠡᠯᠡᠭᠦᠦ ᠴᠠᠭ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠵᠢᠴᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠳᠤᠲᠠᠭᠳᠠᠵᠤ ᠪᠠᠶᠢᠬᠤ ᠪᠣᠯᠬᠤᠷ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠡᠷᠡ ᠳᠠᠷᠤᠶ ᠳᠤᠨᠢ ᠲᠣᠰᠬᠤᠨ ᠤ ᠬᠤᠶᠠᠷ ᠵᠥᠪᠯᠡᠯ ᠲᠠᠢ ᠵᠣᠬᠢᠴᠠᠭᠤᠯᠵᠤ᠂ ᠤᠯᠠᠭᠠᠨ ᠲᠤᠭ ᠳᠤᠭᠤᠶᠢᠯᠠᠩ ᠳᠤ ᠲᠣᠰᠬᠤᠨ ᠤ ᠠᠷᠠᠳ ᠲᠤ ᠪᠡᠶ᠎ᠡ ᠴᠢᠭᠢᠷᠠᠭᠵᠢᠭᠤᠯᠬᠤ ᠠᠷᠭ᠎ᠠ ᠵᠠᠮ ᠢ ᠲᠥᠬᠦᠷᠵᠢᠭᠦᠯᠦᠨ ᠥᠭᠴᠦ᠂ ᠲᠣᠰᠬᠤᠨ ᠤ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃
        ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠨ ᠤᠭᠰᠠᠷᠠᠯᠲᠠ ᠨᠢ ᠲᠣᠰᠬᠤᠨ ᠤ ᠠᠷᠠᠳ ᠤᠨ ᠠᠵᠢᠯ ᠤᠨ ᠴᠢᠯᠥᠭᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠲᠡᠳᠡᠨ ᠳᠤ ᠪᠡᠶ᠎ᠡ ᠴᠢᠭᠢᠷᠠᠭᠵᠢᠭᠤᠯᠬᠤ ᠲᠠᠪᠴᠠᠩ ᠬᠠᠩᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ  ᠤᠨ ᠲᠥᠷᠥᠭᠳᠡᠯ ᠢ ᠳᠡᠭᠡᠭᠰᠢᠯᠡᠭᠦᠯᠪᠡ᠃ 《 ᠬᠤᠵᠢᠮ ᠲᠣᠰᠬᠤᠨ ᠳᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠴᠢᠨᠡᠭᠡ ᠪᠠᠷ ᠢᠶᠠᠨ ᠠᠰᠢᠭᠯᠠᠵᠤ ᠪᠣᠯᠪᠠᠰᠤᠷᠠᠵᠤ ᠪᠣᠯᠤᠨ᠎ᠠ᠂ ᠦᠨᠡᠬᠡᠷ ᠰᠠᠶᠢᠨ᠂ ᠪᠢᠳᠡᠨ ᠳᠤ ᠦᠨᠡᠭᠡᠷ ᠶᠡᠭᠡ ᠪᠣᠳᠠᠲᠤ ᠶᠠᠪᠤᠳᠠᠯ ᠬᠢᠵᠦ ᠥᠭᠴᠡᠶ 》 ᠭᠡᠵᠦ ᠤᠯᠠᠭᠠᠨ ᠲᠤᠭ ᠳᠤᠭᠤᠶᠢᠯᠠᠩ ᠤᠨ ᠲᠣᠰᠬᠤᠨ ᠤ ᠠᠷᠠᠳ ᠰᠢᠨ᠎ᠡ ᠤᠭᠰᠠᠷᠠᠭᠰᠠᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠬᠠᠷᠠᠭᠠᠳ ᠪᠠᠶᠠᠷᠲᠠᠶ ᠪᠠᠷ ᠬᠡᠯᠡᠪᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号