ᠲᠠᠪᠢᠡᠭᠡᠷ ᠪᠠᠯᠭᠠᠰᠤ ᠠᠶᠤᠯᠭᠦᠶ ᠦᠶᠯᠡᠳᠪᠦᠷᠢᠯᠡᠯ ᠤᠨ ᠪᠣᠯᠪᠠᠰᠤᠷᠠᠯ ᠤᠨ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/25
     ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠤᠨ ᠠᠶᠤᠯᠭᠦᠶ ᠦᠶᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠠᠶᠤᠯᠭᠦᠶ ᠦᠶᠯᠡᠳᠪᠦᠷᠢᠯᠡᠯ  ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 2021 ᠣᠨ ᠤ 6 ᠰᠠᠷ᠎ᠠ ᠶᠢᠨ 24 ᠤ ᠡᠳᠦᠷ᠂ ᠲᠠᠪᠢᠡᠭᠡᠷ ᠪᠠᠯᠭᠠᠰᠤ ᠠᠶᠤᠯᠭᠦᠶ ᠦᠶᠯᠡᠳᠪᠦᠷᠢᠯᠡᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠡᠦ ᠵᠢᠩ ᠨᠥᠬᠦᠷ ᠡᠷᠭᠢᠯᠡᠵᠦ᠂ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ᠂ ᠵᠠᠰᠠᠭ ᠵᠠᠬᠢᠷᠭᠠᠨ ᠤ ᠲᠣᠰᠬᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠠᠷᠢᠭᠤᠴᠠᠯᠭᠠᠲᠠᠨ᠂ ᠭᠤᠤᠯᠳᠠᠯᠭ᠎ᠠ ᠲᠠᠢ ᠲᠠᠷᠢᠶᠠᠯᠠᠩ ᠮᠠᠯ ᠠᠵᠤ ᠠᠬᠤᠶ᠂ ᠦᠶᠯᠡᠳᠪᠦᠷᠢ ᠠᠭᠤᠷᠬᠠᠶ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠤᠷᠭᠠᠭᠤᠯᠢ ᠂ ᠡᠮᠨᠡᠯᠭᠡ ᠶᠢᠨ ᠬᠤᠷᠢᠶ᠎ᠠ᠂ ᠲᠣᠰᠣ ᠨᠡᠮᠡᠬᠦ ᠥᠷᠲᠡᠭᠡ ᠵᠡᠷᠭᠡ ᠭᠤᠤᠯᠳᠠᠯᠭ᠎ᠠ ᠲᠠᠢ ᠨᠢᠭᠡᠴᠡ᠂ ᠭᠤᠤᠯᠳᠠᠯᠭ᠎ᠠ ᠲᠠᠢ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
    ᠬᠤᠷᠠᠯ ᠨᠢ ᠭᠤᠤᠯᠳᠠᠭᠤ ᠳᠥᠷᠪᠡᠨ ᠬᠡᠰᠡᠭ ᠬᠤᠪᠢᠶᠠᠵᠤ᠂ ᠡᠩ ᠲᠡᠷᠢᠭᠦᠨ ᠳᠤ ᠡᠦ ᠵᠢᠩ ᠨᠥᠬᠦᠷ ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠰᠢᠨ᠎ᠡ ᠠᠶᠤᠯᠭᠦᠶ ᠦᠶᠯᠡᠳᠪᠦᠷᠢᠯᠡᠯ ᠤᠨ ᠬᠠᠤᠯᠢ  ᠳᠤ ᠵᠠᠰᠠᠪᠤᠷᠢ ᠣᠷᠣᠭᠤᠯᠤᠭᠰᠠᠨ ᠲᠣᠳᠣᠷᠬᠠᠶᠢᠯᠠᠯᠲᠠ ᠶᠢ ᠳᠠᠭᠠᠭᠤᠯᠤᠨ ᠰᠤᠷᠤᠯᠴᠠᠪᠠ᠃ ᠵᠠᠯᠭᠠᠭᠠᠳ《 ᠠᠩᠬᠠᠷᠤᠯ ᠲᠥᠪᠯᠡᠷᠡᠭᠰᠡᠨ ᠠᠰᠠᠭᠤᠳᠠᠯ ᠤᠨ ᠲᠤᠬᠠᠶ ᠰᠤᠷᠪᠤᠯᠵᠢᠯᠠᠭ᠎ᠠ — ᠠᠶᠤᠯ ᠥᠬᠡᠶ ᠦᠶᠯᠡᠳᠪᠦᠷᠢᠯᠡᠯ ᠤᠨ ᠤᠯᠠᠭᠠᠨ ᠱᠤᠭᠤᠮ ᠠᠴᠠ ᠳᠠᠪᠠᠵᠤ ᠪᠣᠯᠤᠰᠢ ᠥᠬᠡᠶ 》ᠭᠡᠬᠦ ᠲᠤᠰᠬᠠᠶ ᠰᠡᠳᠦᠪᠲᠦ ᠹᠢᠯᠢᠮ ᠢ ᠨᠢᠬᠡᠳᠦᠯᠲᠡᠢ ᠵᠣᠬᠢᠶᠠᠨ ᠪᠠᠶᠢᠭᠤᠯᠣᠨ ᠦᠵᠡᠵᠦ᠂ ᠬᠠᠮᠤᠭ ᠡᠴᠦᠰ ᠲᠤ ᠳᠡᠭᠡᠳᠦ ᠱᠠᠲᠤᠨ ᠤ ᠠᠶᠦᠯᠭᠦᠢ ᠦᠶᠯᠡᠳᠪᠦᠷᠢᠯᠡᠯ ᠤᠨ ᠵᠥᠪᠯᠡᠯ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠡᠭᠦᠷᠭᠡ ᠶᠢᠨ ᠵᠠᠳᠠᠯᠣᠯᠲᠠ ᠨᠠᠷᠢᠯᠢᠭ᠂ ᠵᠢᠭᠰᠠᠭᠠᠨ ᠪᠠᠶᠢᠴᠠᠭᠠᠯᠲᠠ ᠪᠠ ᠣᠬᠠᠭᠤᠯᠭ᠎ᠠ ᠶᠢᠨ ᠬᠠᠮᠣᠷᠣᠭᠰᠠᠨ ᠬᠡᠪᠴᠢᠶ᠎ᠡ ᠪᠦᠷᠢᠨ᠂ ᠥᠪᠡᠷ ᠤᠨ ᠠᠰᠠᠭᠤᠳᠠᠯ  ᠢᠶᠠᠨ ᠪᠠᠶᠢᠴᠠᠭᠠᠭᠰᠠᠨ ᠨᠢ ᠣᠨᠣᠪᠴᠢᠲᠠᠶ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠪᠣᠳᠠᠲᠠᠶ᠂ ᠰᠢᠮᠳᠠᠭᠤᠯᠤᠨ ᠪᠠᠶᠢᠴᠠᠭᠠᠵᠤ ᠬᠠᠤᠯᠢ ᠬᠡᠷᠡᠭᠵᠢᠭᠦᠯᠦᠭᠰᠡᠨ ᠨᠢ ᠴᠢᠩᠭ᠎ᠠ ᠪᠠᠶᠢᠬᠤ ᠲᠠᠪᠤᠨ ᠲᠠᠯ᠎ᠠ ᠶᠢ ᠠᠵᠢᠯ ᠤᠨ ᠭᠤᠣᠯᠳᠠᠯᠭ᠎ᠠ ᠪᠣᠯᠭᠠᠵᠤ᠂ ᠣᠶᠢᠷ᠎ᠠ ᠶᠢᠨ ᠬᠤᠭᠤᠴᠠᠭᠠᠨ ᠤ ᠪᠠᠯᠭᠠᠰᠤᠨ ᠤ ᠬᠡᠪᠴᠢᠶᠡᠨ ᠤ ᠠᠶᠦᠯᠭᠦᠢ ᠦᠢᠯᠡᠳᠪᠦᠷᠢᠯᠡᠯ  ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠣᠪᠠ᠃
    ᠡᠦ ᠵᠢᠩ ᠨᠥᠬᠦᠷ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ᠂ ᠡᠯ᠎ᠡ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠪᠠᠯᠭᠠᠰᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠢ ᠪᠠᠲᠤ ᠡᠵᠡᠮᠳᠡᠵᠦ᠂ 《 ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ 》 ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠲᠠᠶᠢᠪᠣᠩ ᠪᠠᠶᠢᠬᠤ ᠳᠠᠭᠠᠨ ᠠᠶᠤᠯ ᠢ ᠪᠣᠳᠣᠵᠣ᠂ ᠰᠡᠷᠡᠮᠵᠢ ᠶᠢᠨ ᠬᠤᠩᠬᠤ ᠶᠢ ᠪᠠᠶᠢᠩᠭᠤ ᠰᠣᠨᠣᠷᠳᠠᠭᠤᠯᠣᠨ᠂ ᠯᠠᠪᠳᠠᠭᠤᠨ ᠪᠠᠲᠤᠲᠠᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠦᠷ᠎ᠡ ᠪᠦᠲᠦᠭᠡᠯ᠂ ᠲᠣᠭᠲᠠᠭᠤᠨ ᠦᠢᠯᠡᠳᠪᠦᠷᠢᠯᠡᠯ ᠤᠨ ᠪᠠᠶᠢᠳᠠᠯ ᠢᠶᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠪᠡᠯᠡᠭ  ᠬᠦᠷᠭᠡᠶ᠎ᠡ ᠭᠡᠵᠡᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号