ᠨᠠᠮ ᠪᠠᠶᠢᠭᠤᠯᠤᠭᠳᠠᠭᠰᠠᠨ 100 ᠵᠢᠯ ᠤᠨ ᠣᠶ ᠬᠦᠷᠴᠦ ᠢᠷᠡᠬᠦ ᠲᠠᠰᠢᠷᠠᠮ ᠢᠶᠠᠷ᠂ 6 ᠰᠠᠷ᠎ᠠ ᠶᠢᠨ 27 ᠤ | ᠡᠳᠦᠷ ᠤᠨ ᠦᠳᠡ ᠶᠢᠨ ᠡᠮᠦᠨ᠎ᠡ᠂ ᠯᠢᠨᠰᠢ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᡁᠢ ᠭᠠᠩ ᠯᠢᠨᠰᠢ | ᠪᠠᠯᠭᠠᠰᠤᠨ ᠳᠤ ᠬᠦᠷᠴᠦ ᠤᠯᠤᠰ ᠪᠠᠶᠢᠭᠤᠯᠤᠭᠳᠠᠬᠤ ᠠᠴᠠ ᠡᠮᠦᠨᠡᠬᠢ ᠠᠬᠠᠮᠠᠳ ᠨᠠᠮ ᠤᠨ ᠭᠡᠰᠢᠭᠦᠨ ᠢ ᠪᠣᠯᠭᠤᠭᠠᠨ | ᠲᠣᠬᠤᠨᠢᠭᠤᠯᠵᠤ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠬᠦᠷᠭᠡᠪᠡ᠃ | | ᠾᠧ ᠶᠠᠨ ᠼᠦᠨ ᠲᠣᠰᠬᠤᠨ ᠤ ᠠᠬᠠᠮᠠᠳ ᠨᠠᠮ ᠤᠨ ᠭᠡᠰᠢᠭᠦᠨ ᠴᠢ ᠶᠦᠨ ᠯᠢᠨ ᠤ ᠭᠡᠷ ᠲᠤ᠂ ᠨᠠᠰᠤᠲᠠᠨ | ᠵᠠᠩ ᡁᠢ ᠭᠠᠩ ᠱᠦᠵᠢ ᠳᠤ ᠥᠪᠡᠷ ᠤᠨ ᠪᠠᠶᠢᠯᠳᠤᠭᠠᠨ ᠤ ᠥᠩᠭᠡᠷᠡᠯᠲᠡ ᠪᠣᠯᠤᠨ ᠤᠯᠤᠰ ᠪᠠᠶᠢᠭᠤᠯᠤᠭᠳᠠᠬᠤ | ᠶᠣᠰᠣᠯᠠᠯ ᠳᠤ ᠣᠷᠣᠯᠴᠠᠵᠤ ᠮᠠᠤ ᠲᠡᠷᠢᠭᠦᠯᠡᠭᠴᠢ ᠶᠢᠨ ᠰᠢᠯᠭᠠᠯᠲᠠ ᠶᠢ ᠬᠦᠯᠢᠶᠡᠬᠦ ᠦᠶ᠎ᠡ ᠶᠢᠨ ᠳᠣᠭᠳᠣᠯᠤᠭᠰᠠᠨ | ᠰᠡᠳᠬᠢᠯᠭᠡ ᠪᠠᠨ ᠶᠠᠷᠢᠪᠠ᠃ ᠵᠠᠩ ᡁᠢ ᠭᠠᠩ ᠱᠦᠵᠢ ᠲᠡᠭᠦᠨ ᠳᠤ《ᠨᠠᠮ ᠳᠤ ᠪᠠᠶᠢᠭᠰᠠᠨ ᠢᠷᠠᠭᠤ ᠠᠯᠳᠠᠷᠲᠠᠢ 50 | ᠵᠢᠯ 》 ᠤᠨ ᠳᠤᠷᠠᠰᠬᠠᠯ ᠤᠨ ᠲᠡᠮᠳᠡᠭ ᠵᠡᠭᠦᠯᠭᠡᠭᠰᠡᠨ ᠪᠥᠭᠡᠳ ᠨᠠᠰᠤᠲᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ᠂ | ᠭᠡᠷ ᠪᠦᠯᠢ ᠶᠢᠨ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠬᠠᠮᠠᠳ ᠨᠠᠮ ᠤᠨ ᠭᠡᠰᠢᠭᠦᠨ ᠤ ᠨᠠᠮ ᠪᠣᠯᠤᠨ | ᠤᠯᠤᠰ ᠭᠡᠷ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠲᠡᠭᠦᠨ ᠢ ᠪᠡᠶ᠎ᠡ ᠪᠠᠨ ᠬᠢᠴᠢᠶᠡᠵᠦ | ᠂ ᠥᠲᠡᠯᠦᠭᠡ ᠨᠠᠰᠤ ᠪᠠᠨ ᠠᠮᠤᠷ ᠲᠠᠶᠢᠪᠤᠩ ᠦᠩᠭᠡᠷᠡᠭᠦᠯᠦᠭᠡᠷᠡᠢ ᠬᠡᠮᠡᠨ ᠵᠠᠬᠢᠪᠠ᠃ | | ᠴᠢ ᠶᠦᠨ ᠯᠢᠨ ᠨᠠᠰᠤᠲᠠᠨ 1947 ᠣᠨ ᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠲᠤ | ᠣᠷᠣᠵᠤ᠂ 1948 ᠣᠨ ᠳᠤ ᠢᠷᠠᠭᠤ ᠠᠯᠳᠠᠷᠲᠠᠢ ᠪᠠᠷ ᠨᠠᠮ ᠳᠤ ᠣᠷᠣᠵᠤ᠂ ᠯᠦᠩᠬᠤᠸᠠ ᠶᠢ ᠴᠢᠯᠥᠭᠡᠯᠡᠬᠦ | ᠳᠠᠶᠢᠯᠠᠯᠳᠤᠭᠠᠨ᠂ ᠬᠤᠸᠠᠢ ᠬᠠᠢ ᠶᠢᠨ ᠳᠠᠶᠢᠯᠠᠯᠳᠤᠭᠠᠨ ᠪᠣᠯᠤᠨ ᠬᠦᠬᠡ ᠮᠥᠷᠡᠨ ᠢ ᠭᠠᠲᠤᠯᠬᠤ ᠳᠠᠶᠢᠯᠠᠯᠳᠤᠭᠠᠨ ᠳᠤ | ᠣᠷᠣᠯᠴᠠᠵᠤ ᠥᠩᠭᠡᠷᠡᠵᠡᠢ᠂ ᠬᠡᠳᠦᠶᠢᠪᠡᠷ 91 ᠨᠠᠰᠤᠲᠠᠢ ᠪᠣᠯᠤᠭᠰᠠᠨ ᠪᠣᠯᠪᠠᠴᠤ ᠭᠡᠷ ᠤᠨ ᠬᠥᠮᠦᠰ ᠤᠨ ᠢᠶᠠᠨ | ᠬᠠᠷᠠᠭᠠᠯᠵᠠᠯ ᠳᠣᠣᠷ᠎ᠠ᠂ ᠨᠠᠰᠤᠲᠠᠨ ᠮᠥᠨ ᠯᠡ ᠴᠤᠭ ᠵᠢᠪᠬᠤᠭ᠎ᠠ ᠪᠠᠳᠠᠷᠠᠩᠭᠤᠢ᠂ ᠪᠡᠶ᠎ᠡ ᠮᠠᠬᠠᠪᠣᠳ ᠤᠨ ᠪᠠᠶᠢᠳᠠᠯ ᠨᠢ | ᠨᠡᠯᠢᠶᠡᠳ ᠵᠦᠭᠡᠷ ᠪᠠᠶᠢᠯ᠎ᠠ᠃ ᠵᠠᠩ ᡁᠢ ᠭᠠᠩ᠂ ᠠᠬᠠᠮᠠᠳ ᠨᠠᠮ ᠤᠨ ᠭᠡᠰᠢᠭᠦᠨ ᠪᠣᠯ ᠨᠠᠮ ᠤᠨ ᠡᠷᠬᠢᠮ ᠨᠠᠨᠳᠢᠨ ᠥᠪ | ᠬᠦᠷᠦᠩᠭᠡ ᠮᠥᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠯᠭᠠᠰᠤ᠂ ᠲᠣᠰᠬᠤᠨ ᠴᠠᠭ ᠢᠮᠠᠭᠲᠠ ᠳᠡᠳᠡᠨ ᠤ | ᠬᠠᠯᠠᠭᠤᠨ ᠳᠤᠯᠠᠭᠠᠨ ᠢ ᠰᠡᠳᠬᠢᠯ ᠳᠡᠭᠡᠨ ᠪᠤᠳᠤᠵᠦ᠂ ᠠᠮᠢᠳᠤᠷᠠᠯ ᠤᠨ ᠲᠠᠯ᠎ᠠ ᠪᠠᠷ ᠢᠯᠡᠭᠦᠬᠡᠨ ᠬᠠᠷᠠᠭᠠᠯᠵᠠᠬᠤ ᠬᠡᠷᠡᠭᠲᠡᠢ | ᠂ ᠡᠭᠦᠨ ᠤ ᠬᠠᠮᠲᠣ ᠠᠬᠠᠮᠠᠳ ᠨᠠᠮ ᠤᠨ ᠭᠡᠰᠢᠭᠦᠨ ᠠᠴᠠ ᠯᠢᠨᠰᠢ ᠰᠢᠶᠠᠨ ᠤ ᠬᠥᠭᠵᠢᠯᠲᠡ ᠳᠤ ᠦᠷᠭᠦᠯᠵᠢᠯᠡᠨ ᠠᠷᠭ᠎ᠠ | ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ ᠭᠡᠵᠡᠢ᠃ | |