ᠸᠠᠩ ᠸᠠᠩ ᠱᠧᠩ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠰᠢᠯᠭᠠᠯᠲᠠ ᠶᠢᠨ ᠴᠡᠭ ᠢ ᠲᠣᠭᠤᠷᠢᠨ ᠪᠠᠶᠢᠴᠠᠭᠠᠬᠤ ᠳᠠᠭᠠᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠠᠷᠢᠨ ᠨᠢᠮᠪᠠᠶ ᠰᠠᠶᠢᠲᠤᠷ ᠬᠢᠵᠦ ᠮᠠᠨ ᠤ ᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠠᠮᠤᠷ ᠲᠦᠪᠰᠢᠨ ᠡᠮᠬᠢ ᠵᠢᠷᠦᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/6/8
       6 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠠᠴᠠ ᠡᠮᠦᠨᠡᠬᠡᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠲᠠ ᠶᠢᠨ ᠳᠠᠷᠤᠭ᠎ᠠ ᠸᠠᠩ ᠸᠠᠩ ᠱᠧᠩ ᠪᠦᠯᠬᠦᠮ ᠳᠠᠭᠠᠭᠤᠯᠤᠨ ᠮᠠᠨ ᠤ ᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠬᠡᠰᠡᠭ ᠰᠢᠯᠭᠠᠯᠲᠠ ᠶᠢᠨ ᠴᠡᠭ ᠲᠤ ᠬᠦᠷᠴᠦ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠡᠯ᠎ᠡ ᠲᠥᠷᠦᠯ ᠤᠨ ᠪᠡᠯᠡᠳᠬᠡᠯ ᠠᠵᠢᠯ ᠢ ᠲᠣᠭᠤᠷᠢᠨ ᠪᠠᠶᠢᠴᠠᠭᠠᠪᠠ᠃ ᠲᠡᠷᠡ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠨᠠᠷᠢᠨ ᠴᠢᠩᠭ᠎ᠠ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠪᠠᠷ ᠰᠢᠯᠭᠠᠭᠤᠯᠤᠭᠴᠢ ᠳᠤ ᠰᠢᠯᠭᠠᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠦᠨᠡᠨᠬᠦ ᠬᠠᠩᠭᠠᠵᠤ᠂ ᠪᠥᠬᠦ ᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃         ᠸᠠᠩ ᠸᠠᠩ ᠱᠧᠩ ᠨᠠᠷ ᠤᠷᠢᠳ ᠬᠤᠵᠢᠳ ᠤᠯᠠᠭᠠᠨᠬᠠᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ᠂ ᠤᠯᠠᠭᠠᠨᠬᠠᠳᠠ ᠶᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠰᠢᠯᠭᠠᠯᠲᠠ ᠶᠢᠨ ᠴᠡᠭ ᠤᠨ ᠣᠷᠴᠢᠨ ᠲᠣᠭᠤᠷᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ᠂ ᠰᠢᠯᠭᠠᠯᠲᠠ ᠶᠢᠨ ᠶᠠᠪᠤᠳᠠᠯ ᠤᠨ ᠠᠵᠢᠯᠳᠠᠨ ᠤ ᠲᠤᠬᠢᠷᠠᠭᠤᠯᠤᠯᠳᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠬᠢᠵᠢᠭ ᠢ ᠰᠡᠷᠭᠡᠶᠢᠯᠡᠨ ᠡᠵᠡᠮᠳᠡᠬᠦ ᠵᠢᠴᠢ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠸᠠᠩ ᠸᠠᠩ ᠱᠧᠩ᠂ ᠵᠢᠯ ᠳᠤ ᠨᠢᠭᠡ ᠤᠳᠠᠭ᠎ᠠ ᠶᠠᠪᠤᠭᠳᠠᠬᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠨᠢ ᠥᠷᠭᠡᠨ ᠣᠯᠠᠨ ᠰᠢᠯᠭᠠᠭᠤᠯᠤᠭᠴᠢ ᠶᠢᠨ ᠰᠤᠷᠤᠯᠭ᠎ᠠ ᠪᠣᠯᠤᠨ ᠢᠷᠡᠭᠡᠳᠦᠶ ᠲᠠᠢ ᠬᠤᠯᠪᠣᠭᠳᠠᠵᠤ᠂ ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠢ ᠶᠡᠬᠡᠳᠡ ᠲᠠᠲᠠᠵᠤ ᠪᠠᠶᠢᠭ᠎ᠠ ᠪᠣᠯᠬᠤᠷ ᠬᠠᠷᠢᠭᠤᠴᠠᠯᠭ᠎ᠠ ᠨᠢ ᠲᠦᠢᠯ ᠤᠨ ᠴᠢᠬᠤᠯᠠ ᠶᠤᠮ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠶ ᠪᠠᠨ ᠤᠯᠠᠮ ᠨᠢᠭᠡ ᠠᠯᠬᠤᠮ ᠪᠠᠲᠤᠳᠬᠠᠨ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠴᠢᠩᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠷᠢᠨ ᠨᠢᠮᠪᠠᠶ ᠠᠵᠢᠯᠯᠠᠨ᠂ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠢᠯᠭᠠᠭᠤᠯᠤᠭᠰᠠᠳ ᠢ ᠰᠠᠨᠠᠭ᠎ᠠ ᠠᠮᠤᠷ ᠪᠠᠶᠢᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃         ᠸᠠᠩ ᠸᠠᠩ ᠱᠧᠩ᠂ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠬᠡᠷᠡᠭᠵᠢᠭᠦᠯᠬᠦ᠂ ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠢᠮᠵᠢᠯ ᠤᠨ ᠲᠡᠰ ᠳᠠᠷᠠᠭᠠᠯᠠᠯ ᠶᠣᠰᠣᠭᠠᠷ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠬᠥᠮᠦᠰ᠂ ᠪᠠᠴᠢᠮ ᠪᠠᠶᠢᠳᠠᠯ ᠢ ᠠᠷᠭᠠᠴᠠᠬᠤ ᠲᠡᠷᠭᠡ ᠬᠥᠰᠬᠡ᠂ ᠬᠠᠮᠠᠭᠠᠯᠠᠯᠲᠠ ᠶᠢᠨ ᠬᠡᠷᠡᠭᠰᠡᠯ ᠢ ᠭᠦᠢᠴᠡᠳ ᠲᠤᠬᠢᠷᠠᠭᠤᠯᠬᠤ ᠬᠡᠷᠡᠭᠲᠡᠢ᠃ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠰᠢᠯᠭᠠᠯᠲᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠱᠤᠤᠭᠢᠶᠠᠨ ᠢ ᠪᠠᠭᠠᠰᠬᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠤ ᠠᠷᠢᠭᠤᠨ ᠴᠡᠪᠡᠷ ᠵᠡᠷᠭᠡ ᠠᠵᠢᠯ ᠢ ᠰᠠᠶᠢᠲᠤᠷ ᠠᠳᠬᠤᠵᠤ᠂ ᠰᠢᠯᠭᠠᠯᠲᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠦᠨᠡᠨᠬᠦ ᠰᠠᠶᠢᠲᠤᠷ ᠬᠢᠬᠦ ᠬᠡᠷᠡᠭᠲᠡᠢ᠃ ᠠᠵᠢᠯᠯᠠᠬᠤ ᠶᠠᠪᠤᠴᠠ ᠶᠢ ᠴᠢᠩᠭ᠎ᠠ ᠠᠳᠬᠤᠵᠤ ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠶᠢ ᠴᠢᠩᠳᠠᠯᠠᠵᠤ᠂ ᠰᠢᠯᠭᠠᠯᠲᠠ ᠶᠢᠨ ᠲᠠᠯᠠᠪᠠᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠥᠷᠭᠡᠨ ᠤᠯᠠᠨ ᠰᠢᠯᠭᠠᠭᠤᠯᠤᠭᠰᠠᠳ ᠲᠤ ᠪᠦᠬᠦ ᠲᠠᠯ᠎ᠠ ᠶᠢᠨ ᠦᠢᠯᠡᠴᠢᠯᠡᠭᠡ ᠶᠢ ᠨᠠᠷᠢᠨ ᠨᠢᠮᠪᠠᠢ ᠬᠠᠩᠭᠠᠵᠤ᠂ ᠲᠠᠭᠠᠯᠠᠮᠵᠢᠲᠠᠢ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠢ ᠦᠨᠡᠨᠬᠦ ᠪᠤᠢ ᠪᠣᠯᠭᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠬᠢᠨᠠᠨ ᠵᠢᠯᠤᠭᠤᠳᠤᠨ ᠪᠠᠶᠢᠴᠠᠭᠠᠬᠤ ᠶᠢ ᠴᠢᠩᠭᠠᠳᠬᠠᠨ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠲᠠ ᠶᠢᠨ ᠤᠳᠤᠷᠢᠳᠤᠯᠭ᠎ᠠ ᠯᠦᠸᠧ ᠰᠢᠤ ᠶᠠᠨ᠂ ᠯᠢ ᡁᠢ ᠭᠠᠩ᠂ ᠢᠦᠶ ᠹᠧᠩ ᠰᠢᠶᠠᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠷ ᠲᠣᠭᠤᠷᠢᠨ ᠪᠠᠶᠢᠴᠠᠭᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号