ᠰᠢᠨ ᠴᠧᠩᠽᠢ ᠪᠠᠯᠭᠠᠰᠤ᠄ ︽ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ︾ ᠤᠨ ᠰᠢᠷᠢᠰ ᠤᠬᠠᠭᠤᠯᠭ᠎ᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2021/7/12
     ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠦ᠂ ᠦᠨᠳᠦᠰᠦᠲᠡᠨ ᠤ ᠪᠦᠯᠬᠦᠮᠳᠡᠯ ᠤᠨ ᠭᠤᠤᠯ ᠬᠥᠭ ᠠᠶᠠᠰ ᠢ  ᠪᠠᠳᠠᠷᠠᠭᠤᠯᠣᠨ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠣᠯᠠᠮᠵᠢᠯᠠᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠰᠣᠷᠣᠯᠴᠠᠬᠤ ᠳᠤ ᠬᠡᠪ ᠳᠠᠭᠤᠷᠢᠶᠠᠯ ᠲᠠᠢ ᠪᠠᠶᠢᠵᠣ᠂ ᠲᠡᠷᠢᠭᠦᠨ ᠤ ᠬᠢ ᠶᠢ ᠡᠷᠬᠢᠮᠯᠡᠨ᠂ ᠢᠳᠡᠪᠬᠢᠯᠡᠨ ᠳᠠᠪᠰᠢᠬᠤ ᠰᠠᠶᠢᠨ ᠰᠠᠶᠢᠬᠠᠨ ᠰᠤᠷᠲᠠᠯ  ᠲᠠᠢ ᠪᠣᠯᠭᠠᠬᠤ ᠶᠢᠨ ᠲᠦᠯᠦᠭᠡ᠂ ᠣᠶᠢᠷ᠎ᠠ ᠳᠤ᠂ ᠰᠢᠨ ᠴᠧᠩᠽᠢ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠪᠠᠷ ᠠᠵᠠ ᠲᠣᠬᠢᠶᠠᠯ ᠪᠣᠯᠭᠠᠨ᠂ ᠨᠠᠷᠢᠨ ᠨᠢᠮᠪᠠᠶ ᠪᠠᠶᠢᠷᠢᠯᠠᠭᠤᠯᠵᠣ᠂ ᠨᠢᠭᠡᠳᠦᠯᠲᠡᠶ ᠲᠦᠯᠦᠪᠯᠡᠭᠰᠡᠨ ᠤ ᠳᠠᠷᠠᠭ᠎ᠠ᠂ ᠪᠠᠯᠭᠠᠰᠤᠨ ᠤ ᠳᠡᠳ᠋ ᠳᠠᠷᠤᠭ᠎ᠠ᠂ ᠨᠢᠭᠡᠳᠦᠮᠡᠯ ᠹᠷᠣᠨᠲ ᠤᠨ ᠭᠡᠰᠢᠭᠦᠨ ᠶᠤᠸᠠᠨ ᠰᠢᠨ ᠰᠢᠩ᠂ ᠪᠠᠯᠭᠠᠰᠤᠨ ᠤ ᠨᠠᠮ ᠪᠠ ᠣᠯᠠᠨ ᠲᠦᠮᠡᠨ  ᠤ ᠦᠶᠯᠡᠴᠢᠯᠡᠭᠡᠨ ᠤ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ ᠯᠢ ᠶᠠᠨ ᠫᠧᠩ ᠡᠯ᠎ᠡ ᠲᠣᠰᠬᠤᠨ ᠳᠤ ᠬᠦᠷᠴᠦ ︽ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ︾ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠡᠯ᠎ᠡ ᠲᠣᠰᠬᠤᠨ ᠤ ᠬᠤᠶᠠᠷ ᠵᠥᠪᠯᠡᠯ᠂ ᠨᠠᠮ ᠤᠨ ᠭᠡᠰᠢᠭᠦᠨ ᠤ ᠲᠥᠯᠥᠭᠡᠯᠡᠭᠴᠢ ᠵᠢᠴᠢ ᠲᠣᠰᠬᠤᠨ ᠤ ᠠᠷᠠᠳ ᠨᠡᠶᠢᠳᠡ 240 ᠭᠠᠷᠤᠢ ᠬᠥᠮᠦᠨ ᠲᠤᠰ ᠤᠳᠠᠭ᠎ᠠ ᠶᠢᠨ ᠰᠤᠷᠤᠯᠴᠠᠯᠭ᠎ᠠ ᠶᠢᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号