ᠳ᠋ᠠ ᠶᠢᠩᠽᠢ ᠰᠢᠶᠠᠩ ᠤᠨ ︽ᠨᠠᠮ ᠢᠶᠠᠨ ᠡᠭᠦᠷᠢᠳᠡ ᠳᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠣᠷᠣᠭᠰᠢᠯᠠᠶ᠎ᠠ︾  ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠡᠯᠭᠡᠯᠡᠬᠦ ᠲᠤᠰᠬᠠᠶ ᠦᠳᠡᠰᠢᠯᠡᠭᠡ ᠠᠮᠵᠢᠯᠲᠠ ᠲᠠᠢ ᠶᠠᠪᠣᠭᠳᠠᠯ᠎ᠠ
ᠨᠡᠶᠢᠲᠡᠯᠡᠭᠰᠡᠨ ᠴᠠᠭ᠄
2021/7/5
    7 ᠰᠠᠷ᠎ᠠ ᠶᠢᠨ 2 ᠤᠨ ᠤᠷᠤᠢ᠂ ᠳ᠋ᠠ ᠶᠢᠩᠽᠢ ᠰᠢᠶᠠᠩ ᠤᠨ ︽ᠨᠠᠮ ᠢᠶᠠᠨ ᠡᠭᠦᠷᠢᠳᠡ ᠳᠠᠭᠠᠵᠤ ᠰᠢᠨ᠎ᠡ ᠠᠶᠠᠨ  ᠳᠠᠭᠠᠨ ᠡᠷᠡᠯᠬᠡᠭᠯᠡᠨ ᠣᠷᠣᠭᠰᠢᠯᠠᠶ᠎ᠠ︾ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠲᠤᠰᠬᠠᠢ ᠦᠳᠡᠰᠢᠯᠡᠭᠡ ᠰᠦᠩ  ᠮᠥᠸᠧ ᠠᠭᠤᠳᠠᠮ ᠲᠠᠯᠠᠪᠠᠢ ᠳᠤ ᠶᠠᠪᠤᠭᠳᠠᠪᠠ᠃
    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠶᠧ ᠶᠠᠨ ᠯᠢ ᠲᠣᠭᠯᠠᠯᠲᠠ ᠶᠢ ᠰᠣᠨᠢᠷᠬᠠᠪᠠ᠃
    ᠪᠦᠬᠦᠶᠢᠯᠡ ᠲᠣᠭᠯᠠᠯᠲᠠ ᠭᠤᠶᠢᠳᠠ ᠰᠠᠶᠢᠬᠠᠨ ᠶᠠᠪᠤᠭᠳᠠᠵᠤ᠂ ᠨᠠᠮ ᠤᠨ ᠲᠤᠭ ᠲᠠᠶᠢᠰᠠᠨ ᠤ ᠲᠥᠪ ᠲᠤ ᠨᠠᠮᠢᠷᠠᠨ ᠲᠣᠭᠯᠠᠭᠴᠢᠳ ᠪᠥᠬᠦ ᠰᠡᠳᠬᠢᠯ ᠢᠶᠠᠷ ᠢᠶᠠᠨ ᠣᠷᠣᠯᠴᠠᠵᠤ ᠴᠤᠭ ᠵᠢᠪᠬᠤᠭ᠎ᠠ ᠲᠡᠭᠦᠯᠳᠡᠷ᠂ ᠠᠬᠤᠶ ᠲᠠᠯᠠᠪᠠᠶ ᠶᠢᠨ ᠦᠵᠡᠭᠴᠢᠳ ᠴᠦ ᠪᠠᠶᠢᠨ ᠳᠠᠬᠢᠨ ᠠᠯᠠᠭ᠎ᠠ ᠳᠠᠰᠢᠨ᠎ᠠ᠃
    ᠲᠣᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠨᠢ ᠳᠠᠭᠤᠤ ᠪᠥᠵᠢᠭ᠂ ᠰᠢᠯᠦᠭ ᠣᠶᠠᠩᠭᠠᠯᠠᠬᠤ ᠵᠡᠷᠭᠡ ᠣᠯᠠᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠮᠤᠭ ᠤᠨ ᠭᠤᠶᠣ ᠰᠠᠶᠢᠬᠠᠨ ᠣᠷᠠᠨ ᠪᠦᠲᠦᠭᠡᠯ ᠢᠶᠠᠷ ᠢᠶᠠᠨ ᠡᠬᠡ ᠤᠯᠤᠰ ᠢᠶᠠᠨ ᠮᠠᠭᠲᠠᠨ ᠳᠠᠭᠤᠯᠠᠭᠰᠠᠨ ᠢᠶᠠᠨ ᠢᠯᠡᠷᠡᠭᠦᠯᠵᠦ᠂ ᠨᠠᠮ ᠤᠨ ᠵᠠᠭᠤᠨ ᠵᠢᠯ ᠤᠨ ᠬᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠡᠷᠭᠢᠴᠠᠭᠦᠯᠦᠨ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠰᠢᠨ᠎ᠡ ᠴᠠᠭ ᠦᠶ᠎ᠡ ᠶᠢᠨ ᠭᠤᠤᠯ ᠬᠥᠭ ᠠᠶᠠᠰ ᠢ ᠬᠠᠩᠭᠢᠨᠠᠭᠤᠯᠵᠤ᠂ ᠪᠥᠬᠦ ᠰᠢᠶᠠᠩ ᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠡᠶ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号