ᠵᠠᠩ ᡁᠢ ᠭᠠᠩ ᠮᠠᠨ ᠤ ᠰᠢᠶᠠᠨ ᠤ ᠬᠥᠳᠡᠭᠡ ᠲᠣᠰᠬᠤᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/7/5
    7 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᡁᠢ ᠭᠠᠩ ᠮᠠᠨ ᠤ ᠰᠢᠶᠠᠨ ᠤ ᠲᠠᠷᠢᠶᠠᠯᠠᠩ ᠤᠨ ᠰᠠᠯᠠᠭ᠎ᠠ ᠮᠦᠴᠢᠷ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠳᠡᠳ᠋ ᠰᠢᠶᠠᠨ ᠤ ᠳᠠᠷᠤᠭ᠎ᠠ ᠯᠢᠦ ᠵᠢᠩ ᠫᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃
    ᠵᠠᠩ ᡁᠢ ᠭᠠᠩ ᠨᠠᠷ ᠤᠷᠢᠳ ᠬᠤᠵᠢᠳ ᠶᠠᠩ ᠴᠠᠩ ᠽᠢ ᠾᠧ ᠭᠤᠣᠯ ᠤᠨ ᠵᠡᠭᠦᠨ ᠡᠭᠦᠳᠡᠨ ᠤ ᠭᠠᠳᠠᠨᠠᠬᠢ ᠦᠶᠡᠷ ᠢ ᠰᠡᠷᠭᠡᠶᠢᠯᠡᠬᠦ ᠢᠨᠵᠧᠨᠧᠷᠢᠩ᠂ ᠳ᠋ᠦᠩ ᠱᠠᠨ ᠴᠢᠬᠢ ᠪᠣᠶᠢᠵᠢᠭᠤᠯᠬᠤ ᠠᠵᠤ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ᠂ ᠳ᠋ᠦᠩ ᠱᠠᠨ ᠠᠵᠤ ᠦᠢᠯᠡᠰ ᠤᠨ ᠬᠦᠷᠢᠶᠡᠯᠡᠩ ᠤᠨ ᠥᠨᠳᠥᠷ ᠪᠠᠷᠢᠮᠵᠢᠶᠠᠲᠤ ᠦᠵᠡᠮᠵᠢ  ᠶᠢᠨ ᠤᠢ ᠶᠢᠨ ᠲᠥᠷᠥᠯ ᠵᠦᠢᠯ᠂ ᠳ᠋ᠧ ᠴᠢᠩ ᠶᠤᠸᠠᠨ ᠠᠯᠲᠠᠨ ᠲᠠᠬᠢᠶ᠎ᠠ ᠶᠢᠨ ᠲᠥᠷᠥᠯ ᠵᠦᠢᠯ᠂ ᠱᠡᠭᠡᠷᠲᠦ ᠰᠢᠶᠠᠩ  ᠤᠨ ᠳ᠋ᠠ ᠺᠠᠩ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠰᠢ ᠱᠠᠨ ᠭᠧᠨ ᠲᠦᠮᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠤᠨ ᠲᠥᠷᠥᠯ ᠵᠦᠢᠯ᠂ ᠰᠢᠨ᠎ᠡ ᠴᠧᠩᠽᠢ ᠪᠠᠯᠭᠠᠰᠤᠨ ᠤ ᠬᠠᠢ ᠳᠠᠩ ᠬᠤ᠋ ᠨᠠᠭᠤᠷ  ᠤᠨ ᠠᠵᠤ ᠠᠬᠤᠢ ᠶᠢᠨ ᠤᠢ ᠶᠢᠨ ᠲᠥᠷᠥᠯ ᠵᠦᠢᠯ᠂ ᠵᠢᠮᠢᠰ ᠢᠳᠡᠰᠢᠨ ᠨᠣᠭᠤᠭ᠎ᠠ ᠶᠢᠨ ᠬᠡᠢ ᠲᠣᠬᠢᠷᠠᠭᠤᠯᠬᠤ ᠬᠥᠮᠥᠷᠭᠡ ᠶᠢᠨ ᠲᠥᠷᠥᠯ ᠵᠦᠢᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃
    ᠵᠠᠩ ᡁᠢ ᠭᠠᠩ ᠪᠦᠬᠦ ᠰᠢᠶᠠᠨ ᠤ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠪᠦᠬᠦ ᠰᠢᠶᠠᠨ ᠤ ᠠᠵᠤ ᠠᠬᠤᠶ ᠶᠢᠨ ᠣᠶ ᠰᠢᠭᠤᠶ ᠵᠢᠴᠢ ᠣᠶ ᠰᠢᠭᠤᠶ ᠡᠪᠡᠰᠦ ᠪᠡᠯᠴᠢᠭᠡᠷ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠪᠦᠬᠦ ᠰᠢᠶᠠᠨ ᠤ ᠳᠦᠬᠦᠭᠡᠷᠦᠮᠵᠢᠲᠦ ᠲᠠᠷᠢᠶᠠᠯᠠᠩ ᠵᠢᠴᠢ ᠲᠠᠷᠢᠶᠠᠯᠠᠩ ᠮᠠᠯ ᠠᠵᠤ ᠠᠬᠤᠶ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号