ᠯᠢᠨᠰᠢ ᠰᠢᠶᠠᠨ ᠤ ᠰᠢᠨ ᠰᠢᠩ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ᠂ ᠯᠢᠨᠰᠢ ᠰᠢᠶᠠᠨ ᠤ  ᠪᠠᠨ ᠱᠢ ᠹᠠᠩ ᠤᠨ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ᠂ ᠯᠢᠨᠰᠢ ᠰᠢᠶᠠᠨ ᠤ ᠰᠢᠨ ᠯᠢᠨ ᠪᠠᠯᠭᠠᠰᠤ ᠶᠢᠨ ᠵᠠᠨ ᠫᠦ᠋ ᠤᠨ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ ᠶᠢ ᠬᠠᠭᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/7/6
     ︽ᠪᠦᠬᠦ ᠬᠤᠲᠠ ᠶᠢᠨ ︿ᠲᠣᠭᠤᠰᠬ᠎ᠠ ᠶᠢᠨ ᠠᠭᠤᠷᠬᠠᠶ﹀ ᠶᠢᠨ ᠠᠰᠠᠭᠤᠳᠠᠯ ᠢ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠠᠴᠠ ᠠᠭᠤᠷᠬᠠᠶ ᠮᠠᠯᠲᠠᠬᠤ ᠦᠨᠡᠮᠯᠡᠯ ᠤᠨ ᠬᠤᠭᠤᠴᠠᠭ᠎ᠠ ᠨᠢ ᠨᠢᠭᠡᠨᠲᠡ ᠥᠩᠭᠡᠷᠡᠭᠰᠡᠨ ᠯᠢᠨᠰᠢ ᠰᠢᠶᠠᠨ ᠤ  ᠰᠢᠨ ᠰᠢᠩ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ ︵ᠠᠭᠤᠷᠬᠠᠶ ᠮᠠᠯᠲᠠᠬᠤ ᠦᠨᠡᠮᠯᠡᠯ  ᠤᠨ ᠨᠣᠮᠧᠷ᠄ C 1504002009117120043406︶᠂ ᠯᠢᠨᠰᠢ ᠰᠢᠶᠠᠨ ᠤ   ᠪᠠᠨ ᠱᠢ ᠹᠠᠩ ᠤᠨ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ  ︵ᠠᠭᠤᠷᠬᠠᠶ ᠮᠠᠯᠲᠠᠬᠤ ᠦᠨᠡᠮᠯᠡᠯ ᠤᠨ ᠨᠣᠮᠧᠷ ᠄ C1504002009117120043408  ︶᠂ ᠯᠢᠨᠰᠢ ᠰᠢᠶᠠᠨ ᠤ ᠰᠢᠨ ᠯᠢᠨ ᠪᠠᠯᠭᠠᠰᠤ ᠶᠢᠨ ᠵᠠᠨ ᠫᠦ᠋ ᠤᠨ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ ︵ᠠᠭᠤᠷᠬᠠᠶ ᠮᠠᠯᠲᠠᠬᠤ ᠦᠨᠡᠮᠯᠡᠯ ᠤᠨ ᠨᠣᠮᠧᠷ ᠄ C 1504002009117120043404︶ ᠶᠢ ᠬᠠᠭᠠᠵᠤ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠠᠵᠢᠯ ᠤᠨ ᠱᠠᠭᠠᠷᠳᠠᠯᠭ᠎ᠠ     ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠯᠢᠨᠰᠢ ᠰᠢᠶᠠᠨ ᠤ ᠰᠢᠨ ᠰᠢᠩ ᠲᠣᠭᠤᠰᠬ᠎ᠠ ᠶᠢᠨ ᠦᠢᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ᠂ ᠯᠢᠨᠰᠢ ᠰᠢᠶᠠᠨ ᠤ ᠪᠠᠨ ᠱᠢ ᠹᠠᠩ ᠤᠨ ᠲᠣᠭᠤᠰᠬ᠎ᠠ ᠶᠢᠨ ᠦᠢᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ᠂ ᠯᠢᠨᠰᠢ ᠰᠢᠶᠠᠨ ᠤ ᠰᠢᠨ ᠯᠢᠨ ᠪᠠᠯᠭᠠᠰᠤ ᠶᠢᠨ ᠵᠠᠨ ᠫᠦ᠋ ᠤᠨ ᠲᠣᠭᠤᠰᠬ᠎ᠠ ᠶᠢᠨ ᠦᠢᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ ᠮᠠᠯᠲᠠᠬᠤ ᠪᠠ ᠦᠢᠯᠡᠳᠪᠦᠷᠢᠯᠡᠬᠦ ᠠᠯᠢᠪᠠ ᠠᠵᠢᠯᠯᠠᠭ᠎ᠠ ᠪᠠᠨ ᠵᠣᠭᠰᠣᠭᠠᠬᠤ ᠬᠡᠷᠡᠭᠲᠡᠶ᠃     ᠬᠤᠶᠠᠷ᠂ ᠠᠵᠢᠯ ᠤᠨ ᠠᠷᠭ᠎ᠠ ᠬᠡᠮᠵᠢᠶ᠎ᠡ     ︵ᠨᠢᠭᠡ︶ ᠯᠢᠨᠰᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠶᠠᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠯᠢᠨᠰᠢ ᠰᠢᠶᠠᠨ ᠤ ᠬᠤᠪᠢᠶᠠᠷᠢ ᠲᠣᠪᠴᠢᠶ᠎ᠠ᠂ ᠯᠢᠨᠰᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠥᠬᠦᠶ ᠬᠠᠤᠯᠢ ᠴᠠᠭᠠᠵᠠ ᠪᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠯᠢᠨᠰᠢ ᠰᠢᠶᠠᠨ ᠤ ᠰᠢᠨ ᠰᠢᠩ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ᠂ ᠯᠢᠨᠰᠢ ᠰᠢᠶᠠᠨ ᠤ ᠪᠠᠨ ᠱᠢ ᠹᠠᠩ   ᠤᠨ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ᠂ ᠯᠢᠨᠰᠢ ᠰᠢᠶᠠᠨ ᠤ ᠰᠢᠨ ᠯᠢᠨ ᠪᠠᠯᠭᠠᠰᠤ ᠶᠢᠨ ᠵᠠᠨ ᠫᠦ᠋ ᠤᠨ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ ᠶᠢ ᠬᠠᠭᠠᠬᠤ ᠠᠵᠢᠯ ᠢ ᠦᠨᠡᠨᠬᠦ ᠰᠠᠶᠢᠲᠤᠷ ᠬᠢᠨ᠎ᠡ᠃     ︵ᠬᠤᠶᠠᠷ︶ ᠨᠢᠭᠡᠨᠲᠡ ᠬᠠᠭᠠᠬᠤ ᠪᠠᠷ ᠲᠣᠭᠲᠠᠭᠰᠠᠨ ᠯᠢᠨᠰᠢ ᠰᠢᠶᠠᠨ ᠤ ᠰᠢᠨ ᠰᠢᠩ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ᠂ ᠯᠢᠨᠰᠢ ᠰᠢᠶᠠᠨ ᠤ ᠪᠠᠨ ᠱᠢ ᠹᠠᠩ   ᠤᠨ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ᠂ ᠯᠢᠨᠰᠢ ᠰᠢᠶᠠᠨ ᠤ ᠰᠢᠨ ᠯᠢᠨ ᠪᠠᠯᠭᠠᠰᠤ ᠶᠢᠨ ᠵᠠᠨ ᠫᠦ᠋ ᠤᠨ ᠲᠣᠭᠤᠰᠬ᠎ᠠ ᠶᠢᠨ ᠦᠶᠯᠡᠳᠪᠦᠷᠢ ᠶᠢᠨ ᠨᠠᠩᠭᠢ ᠰᠢᠷᠣᠶ ᠶᠢᠨ ᠠᠭᠤᠷᠬᠠᠶ   ᠳᠤ ᠯᠢᠨᠰᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠶᠠᠨ ᠤ ᠠᠵᠤ ᠦᠶᠯᠡᠳᠪᠦᠷᠢ ᠪᠠ ᠮᠡᠳᠡᠭᠡ  ᠵᠠᠩᠭᠢᠵᠢᠯᠲᠠ ᠶᠢᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠯᠢᠨᠰᠢ ᠰᠢᠶᠠᠨ ᠤ ᠬᠤᠪᠢᠶᠠᠷᠢ ᠲᠣᠪᠴᠢᠶ᠎ᠠ᠂ ᠯᠢᠨᠰᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠷᠬᠡᠪᠰᠢ ᠲᠤᠰ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ᠂ ᠪᠤᠶ ᠪᠦᠬᠦᠢ ᠭᠡᠷᠡᠴᠢ ᠦᠨᠡᠮᠯᠡᠯ ᠢᠶᠠᠨ ᠳᠠᠬᠢᠨ ᠬᠢᠨᠠᠨ ᠬᠠᠷᠭᠤᠭᠤᠯᠬᠤ ᠶᠢᠨ ᠬᠠᠮᠲᠤ ᠬᠦᠴᠦᠨ ᠦᠭᠡᠶ ᠪᠣᠯᠭᠠᠵᠤ᠂ ᠴᠠᠬᠢᠯᠭᠠᠨ ᠬᠠᠩᠭᠠᠬᠤ ᠶᠢ ᠨᠢ ᠵᠣᠭᠰᠣᠭᠠᠬᠤ ᠬᠡᠷᠡᠭᠲᠡᠶ᠃ᠡᠭᠦᠨ ᠤ ᠲᠤᠯᠠ ᠣᠨᠴᠠᠭᠠᠶᠢᠯᠠᠨ ᠵᠠᠷᠯᠠᠪᠠ                         ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ                         2021 ᠣᠨ ᠤ 6 ᠳ᠋ᠤᠭᠠᠷ ᠰᠠᠷ᠎ᠠ ᠶᠢᠨ 29 ᠤ ᠡᠳᠦᠷ
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号