ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠴᠡᠭ ᠨᠢ ᠬᠤᠯᠠ᠂ ᠨᠠᠰᠤ | ᠠᠭᠢᠭᠰᠠᠨ ᠬᠡᠰᠡᠭ ᠲᠣᠰᠬᠤᠨ ᠤ ᠠᠷᠠᠳ ᠲᠠᠷᠢᠯᠭ᠎ᠠ ᠬᠢᠬᠦ ᠬᠦᠰᠡᠯ ᠲᠠᠢ ᠪᠣᠯᠪᠠᠴᠤ ᠵᠠᠮ ᠬᠠᠷᠢᠯᠴᠠᠭ᠎ᠠ ᠶᠢᠨ ᠨᠦᠭᠦᠴᠡᠯ | ᠠᠴᠠ ᠰᠢᠯᠲᠠᠭᠠᠯᠠᠭᠳᠠᠵᠣ᠂ ᠶᠠᠪᠤᠵᠤ ᠰᠠᠭᠤᠬᠤ ᠳᠤᠨᠢ ᠳᠦᠭᠦᠮ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ | ᠂ ᠳ᠋ᠠ ᠵᠢᠩ ᠪᠠᠯᠭᠠᠰᠤ ᠲᠤᠰᠬᠠᠶᠢᠯᠠᠨ ︽ᠬᠠᠶᠢᠷ᠎ᠠ ᠬᠠᠯᠠᠮᠵᠢ ᠬᠦᠷᠭᠡᠬᠦ︾ ᠠᠶᠠᠨᠴᠢᠳ ᠤᠨ ᠮᠠᠰᠢᠨ ᠲᠡᠷᠭᠡ ᠪᠠᠷ | ᠶᠠᠪᠤᠵᠤ ᠰᠠᠭᠤᠬᠤ ᠳᠤ ᠳᠥᠭᠦᠮ ᠦᠭᠡᠢ ᠨᠠᠰᠤᠲᠠᠳ ᠲᠤ ᠦᠨ᠎ᠡ ᠲᠦᠯᠦᠪᠦᠷᠢ ᠦᠭᠡᠢ ᠪᠠᠷ ᠦᠢᠯᠡᠴᠢᠯᠡᠭᠡ ᠬᠠᠩᠭᠠᠵᠣ | ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠳᠤ ᠶᠡᠭᠡ ᠪᠠᠭ᠎ᠠ ᠶᠢ ᠨᠢ ᠢᠯᠭᠠᠬᠤ ᠥᠬᠡᠶ ᠪᠠᠷ ᠣᠯᠠᠨ ᠲᠦᠮᠡᠨ ᠤ | ᠪᠣᠳᠠᠲᠠᠶ ᠬᠦᠴᠢᠷᠳᠡᠯ ᠢ ᠦᠨᠡᠨ ᠬᠦ ᠰᠢᠶᠳᠪᠦᠷᠢᠯᠡᠵᠦ ᠥᠭᠴᠡᠶ᠃ | | | ᠪᠠᠯᠭᠠᠰᠤᠨ ᠳᠤ ᠦᠨ᠎ᠡ ᠲᠥᠯᠥᠪᠦᠷᠢ ᠦᠭᠡᠢ ᠪᠠᠷ ᠲᠤᠰᠴᠤ ᠬᠦᠷᠭᠡᠬᠦ ᠨᠡᠶᠢᠲᠡ ᠶᠢᠨ ᠮᠠᠰᠢᠨ ᠲᠡᠷᠭᠡ ᠪᠠᠶᠢᠬᠤ ᠶᠢ | ᠰᠣᠨᠣᠰᠤᠭᠠᠳ᠂ ᠲᠣᠰᠬᠤᠨ ᠤ ᠠᠷᠠᠳ ᠥᠷᠯᠥᠭᠡ ᠡᠷᠲᠡ ᠲᠣᠰᠬᠤᠨ ᠤ ᠵᠥᠪᠯᠡᠯ ᠤᠨ ᠡᠭᠦᠳᠡᠨ ᠳᠡᠭᠡᠷ᠎ᠡ ᠤᠷᠲᠤ | ᠮᠥᠷᠯᠡᠵᠦ᠂ ᠪᠠᠯᠭᠠᠰᠤ ᠲᠣᠰᠬᠤᠨ ᠤ ᠺᠠᠳ᠋ᠷ ᠤᠨ ᠵᠣᠬᠢᠶᠠᠨ ᠪᠠᠶᠢᠭᠤᠯᠤᠯᠲᠠ ᠳᠣᠣᠷ᠎ᠠ ᠡᠮᠬᠢ ᠵᠢᠷᠤᠮ ᠲᠠᠢ ᠪᠠᠷ ᠲᠡᠷᠭᠡᠨ | ᠳᠤ ᠭᠠᠷᠴᠤ᠂ ᠡᠨᠡᠬᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠳᠤ ᠴᠢᠩ ᠰᠡᠳᠬᠢᠯ ᠠᠴᠠ ᠪᠠᠨ ᠲᠠᠯᠠᠷᠬᠠᠨ᠎ᠠ᠃ | | | ᠲᠣᠰᠬᠤᠨ ᠤ ᠠᠷᠠᠳ ᠢ ᠦᠨ᠎ᠡ ᠲᠥᠯᠥᠪᠦᠷᠢ ᠥᠬᠡᠶ ᠵᠦᠭᠡᠭᠡᠵᠦ ᠸᠠᠺᠼᠢᠨ ᠤ ᠲᠠᠷᠢᠯᠭ᠎ᠠ ᠳᠠᠷᠢᠭᠤᠯᠤᠭᠰᠠᠨ ᠨᠢ | ᠪᠥᠬᠦ ᠪᠠᠯᠭᠠᠰᠤᠨ ᠤ ᠸᠠᠺᠼᠢᠨ ᠤ ᠲᠠᠷᠢᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠲᠤᠶᠢᠯ ᠤᠨ ᠶᠡᠭᠡ ᠪᠠᠷ | ᠳᠡᠭᠡᠭᠰᠢᠯᠡᠭᠦᠯᠵᠡᠢ᠃ ᠵᠥᠪᠬᠡᠨ 7 ᠰᠠᠷ᠎ᠠ ᠶᠢᠨ 4 ᠤ ᠡᠳᠦᠷ ᠤᠨ ᠬᠤᠭᠤᠴᠠᠭᠠᠨ ᠳᠤ᠂ ᠳ᠋ᠠ ᠵᠢᠩ ᠪᠠᠯᠭᠠᠰᠤ 1800 | ᠭᠠᠷᠤᠶ ᠲᠣᠰᠬᠤᠨ ᠤ ᠠᠷᠠᠳ ᠲᠤ ᠸᠠᠺᠼᠢᠨ ᠤ ᠲᠠᠷᠢᠯᠭ᠎ᠠ ᠬᠢᠬᠦ ᠳᠤ ᠦᠨ᠎ᠡ ᠲᠦᠯᠦᠪᠦᠷᠢ ᠥᠬᠡᠶ ᠪᠠᠷ ᠲᠤᠰᠴᠤ | ᠬᠦᠷᠭᠡᠬᠦ ᠦᠶᠯᠡᠴᠢᠯᠡᠭᠡ ᠬᠠᠩᠭᠠᠪᠠ᠃ | |