ᠨᠢᠭᠡ ᠳᠤ᠂ ᠬᠢᠨᠠᠨ ᠬᠡᠮᠵᠢᠨ ᠰᠡᠷᠡᠮᠵᠢᠯᠡᠬᠦ ᠶᠢ ᠴᠢᠩᠭᠠᠷᠠᠭᠤᠯᠣᠪᠠ᠃ ᠮᠡᠷᠭᠡᠵᠢᠯᠲᠡᠳ ᠢ ᠵᠣᠬᠢᠶᠠᠨ ᠪᠠᠶᠢᠭᠤᠯᠵᠤ | ᠲᠠᠷᠢᠶᠠᠨ ᠭᠠᠵᠠᠷ ᠲᠤ 20 ᠭᠠᠷᠤᠶ ᠤᠳᠠᠭ᠎ᠠ ᠭᠦᠨᠵᠡᠭᠡᠶᠢᠷᠡᠨ᠂ ᠬᠡᠮᠵᠢᠨ ᠮᠡᠳᠡᠭᠦᠯᠬᠦ ᠳ᠋ᠧᠩ᠂ ᠥᠭᠡᠰᠢ ᠵᠡᠷᠭᠡ ᠠᠷᠭ᠎ᠠ | ᠪᠠᠷᠢᠯ ᠢᠶᠠᠷ 500 ᠭᠠᠷᠤᠶ ᠤᠳᠠᠭ᠎ᠠ ᠬᠢᠨᠠᠨ ᠬᠡᠮᠵᠢᠯᠲᠡ ᠬᠢᠵᠦ᠂ ᠡᠪᠡᠳᠴᠢᠨ ᠬᠤᠷᠣᠬᠠᠶ ᠶᠢᠨ ᠮᠡᠳᠡᠭᠡ ᠶᠢ 8 | ᠬᠤᠭᠤᠴᠠᠭ᠎ᠠ᠂ ᠬᠤᠯᠤᠭᠠᠨ᠎ᠠ ᠶᠢᠨ ᠭᠠᠮᠰᠢᠭ ᠤᠨ ᠮᠡᠳᠡᠭᠡ ᠶᠢ 16 ᠬᠤᠭᠤᠴᠠᠭ᠎ᠠ ᠨᠡᠶᠢᠲᠡᠯᠡᠪᠡ᠃ | ᠬᠤᠶᠠᠷ ᠲᠤ᠂ ᠪᠣᠬᠢᠷᠲᠤᠯ ᠦᠭᠡᠢ ᠰᠡᠷᠭᠡᠶᠢᠯᠡᠨ ᠵᠠᠰᠠᠪᠠ᠃ 30 ᠲᠦᠮᠡᠨ ᠮᠥ ᠶᠢᠨ ᠡᠪᠡᠳᠴᠢᠨ ᠬᠤᠷᠣᠬᠠᠶ ᠶᠢᠨ | ᠬᠥᠨᠥᠭᠡᠯ ᠢ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠲᠠᠯᠠᠪᠠᠶ ᠶᠢ ᠥᠷᠨᠢᠭᠦᠯᠵᠦ᠂ 2000 ᠮᠥ ᠶᠢᠨ ᠪᠣᠬᠢᠷᠲᠤᠯ | ᠥᠬᠡᠶ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠶ ᠰᠡᠷᠭᠡᠶᠢᠯᠡᠨ ᠨᠢᠭᠡᠳᠦᠯᠲᠡᠶ ᠡᠵᠡᠮᠳᠡᠬᠦ ᠠᠭᠤᠰᠤᠯᠴᠠᠯ ᠤᠨ ᠵᠢᠱᠢᠶ᠎ᠡ | ᠦᠵᠡᠭᠦᠯᠬᠦ ᠠᠵᠢᠯ ᠢ ᠡᠬᠢᠯᠡᠭᠦᠯᠵᠦ᠂ 31 ᠤᠳᠠᠭ᠎ᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠢᠯᠣᠭᠤᠳᠴᠤ | ᠂ ᠨᠡᠭᠦᠳᠡᠯᠯᠡᠬᠦ ᠴᠢᠨᠠᠷᠲᠠᠶ᠂ ᠳᠡᠯᠭᠡᠷᠡᠬᠦ ᠴᠢᠨᠠᠷᠲᠠᠶ ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠭᠡᠨᠡᠳᠲᠡ | ᠡᠭᠦᠰᠬᠦ ᠶᠢ ᠡᠷᠡᠰ ᠬᠤᠷᠢᠭᠯᠠᠪᠠ᠃ | ᠭᠤᠷᠪᠠ ᠳᠤ᠂ ᠮᠡᠷᠭᠡᠵᠢᠯ ᠤᠨ ᠪᠠᠲᠤᠯᠠᠭ᠎ᠠ ᠶᠢ ᠪᠠᠲᠣᠯᠠᠪᠠ᠃ ᠲᠤᠰᠠᠯᠠᠬᠤ ᠡᠩᠨᠡᠭᠡ ᠪᠠᠶᠢᠭᠤᠯᠤᠨ 9 ᠰᠢᠶᠠᠩ | ᠪᠠᠯᠭᠠᠰᠤᠨ ᠳᠤ ᠣᠴᠢᠭᠤᠯᠵᠤ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ | ᠥᠷᠨᠢᠭᠦᠯᠦᠨ᠂ 700 ᠭᠠᠷᠤᠶ ᠡᠷᠦᠬᠡ ᠳᠤ ᠠᠰᠢᠭ ᠬᠦᠷᠲᠡᠭᠡᠵᠦ᠂ ᠲᠠᠷᠢᠶᠠᠴᠢᠳ ᠢ ᠵᠢᠭᠠᠨ ᠵᠢᠯᠣᠭᠤᠳᠴᠤ ᠪᠠᠶᠢᠭᠠᠳ | ᠡᠪᠡᠳᠴᠢᠨ ᠬᠤᠷᠣᠬᠠᠶ ᠶᠢᠨ ᠬᠥᠨᠥᠭᠡᠯ ᠢ ᠴᠠᠭ ᠲᠤᠬᠠᠶ ᠳᠤᠨᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠭᠤᠯᠪᠠ᠃ | | ᠳᠦᠷᠪᠡ ᠳᠤ᠂ ᠲᠠᠷᠢᠶᠠᠨ ᠡᠮ ᠢ ᠬᠠᠮᠢᠶᠠᠷᠤᠨ ᠡᠵᠡᠮᠳᠡᠪᠡ ᠃ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠵᠤ | ᠦᠷ᠎ᠡ ᠠᠰᠢᠭ ᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠲᠠᠷᠢᠶᠠᠨ ᠡᠮ ᠡᠵᠡᠩᠨᠡᠬᠦ 46 ᠭᠤᠤᠯ ᠴᠣᠭᠴᠠ ᠶᠢ ᠪᠠᠶᠢᠴᠠᠭᠠᠵᠤ᠂ ᠲᠠᠷᠢᠶᠠᠨ ᠡᠮ ᠬᠡᠷᠡᠭᠯᠡᠬᠦ | ᠮᠡᠷᠭᠡᠵᠢᠯ ᠢ 8 ᠲᠠᠯᠠᠪᠠᠶ ᠤᠳᠠᠭ᠎ᠠ ᠪᠣᠯᠪᠠᠰᠤᠷᠠᠭᠤᠯᠵᠤ᠂ ᠲᠠᠷᠢᠶᠠᠨ ᠡᠮ ᠢ ᠰᠣᠩᠭᠤᠨ ᠬᠡᠷᠡᠭᠯᠡᠬᠦ ᠠᠰᠠᠭᠤᠳᠠᠯ ᠳᠤ | 200 ᠭᠠᠷᠤᠶ ᠤᠳᠠᠭ᠎ᠠ ᠲᠠᠶᠢᠯᠤᠮᠵᠢ ᠬᠢᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠢ ᠦᠨᠡᠨ ᠬᠦ ᠪᠠᠲᠤᠯᠠᠪᠠ᠃ |