ᡂᠢ ᠶᠠ ᠯᠢᠩ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ  ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/7/8
 
    7 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ‍ᠤᠤᠢ ᠶᠠ ᠯᠢᠩ ᠬᠤᠲᠠ ᠬᠦᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠷᠧᠨ ᠬᠠᠶ᠂ ᠵᠠᠰᠠᠭ ᠤᠨ ᠣᠷᠳᠣᠨ ᠤ ᠠᠯᠪᠠᠨ ᠬᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃
    ᡂᠢ ᠶᠠ ᠯᠢᠩ ᠤᠷᠢᠳ ᠬᠤᠵᠢᠳ ᠬᠤᠲᠠ ᠶᠢᠨ ᠲᠣᠭᠤᠷᠢᠭ ᠤᠨ ᠪᠣᠬᠢᠷ ᠤᠰᠤᠨ ᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠠᠷᠠᠯᠵᠢᠶᠠᠨ ᠤ ᠰᠢᠨ᠎ᠡ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠮᠢᠩ ᠶᠤᠸᠠᠨ ᠢᠦ᠋ᠢ ᠵᠢᠩ  ᠰᠠᠭᠤᠭᠠᠯᠢ ᠲᠣᠭᠤᠷᠢᠭ ᠤᠨ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠲᠦᠷᠦᠯ ᠵᠦᠢᠯ᠂ ᠶᠢᠨ ᠴᠧᠩ ᠵᠡᠭᠡᠯᠢ ᠶᠢᠨ ᠤᠷᠲᠤᠳᠬᠠᠭᠰᠠᠨ ᠬᠡᠰᠡᠭ ᠤᠨ ᠬᠤᠲᠠ ᠶᠢᠨ ᠲᠣᠭᠤᠷᠢᠭ  ᠤᠨ ᠵᠠᠮ ᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠡᠢ᠃
    ‍ᠤᠤᠢ ᠶᠠ ᠯᠢᠩ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠠᠰᠠᠭᠤᠨ ᠯᠠᠪᠯᠠᠬᠤ ᠶᠢᠨ ᠬᠠᠮᠲᠤ ᠵᠠᠷᠢᠮ ᠠᠰᠠᠭᠤᠳᠠᠯ ᠤᠨ ᠲᠤᠬᠠᠶ ᠲᠤᠬᠠᠶ ᠶᠢᠨ ᠲᠠᠯᠠᠪᠠᠶ ᠳᠤ ᠵᠦᠪᠳᠡᠪᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号