| 7 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᡁᠢ ᠭᠠᠩ ᠪᠦᠬᠦ ᠰᠢᠶᠠᠨ ᠤ | ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠪᠠᠶᠢᠴᠠᠭᠠᠨ ᠰᠤᠳᠤᠯᠪᠠ᠃ | | ᠵᠠᠩ ᡁᠢ ᠭᠠᠩ ᠤᠷᠢᠳ ᠬᠤᠵᠢᠳ ᠶᠢᠨ ᠳ᠋ᠢᠩ ᠠᠵᠤ ᠦᠶᠯᠡᠳᠪᠦᠷᠢ ᠶᠢᠨ ᠬᠦᠷᠢᠶᠡᠯᠡᠩ ᠤᠨ ᠪᠠᠶ ᠬᠤᠶ ᠱᠧᠩ | ᠰᠢᠨ᠎ᠡ ᠲᠠᠷᠢᠶᠠᠯᠠᠩ ᠤᠨ ᠢᠳᠡᠭᠡᠨ ᠤ ᠰᠢᠬᠢᠷ ᠤᠨ ᠨᠠᠷᠢᠯᠢᠭ ᠪᠦᠲᠦᠭᠡᠭᠳᠡᠬᠦᠨ ᠢ ᠪᠣᠯᠪᠠᠰᠤᠷᠠᠭᠤᠯᠬᠤ ᠲᠥᠷᠥᠯ ᠵᠦᠶᠯ᠂ | ᠹᠷᠠᠨᠼᠢ ᠶᠢᠨ ᠯᠧ ᠰᠧ ᠹᠦ᠋ ᠶᠢᠨ ᠵᠢᠯ ᠳᠤ 2.6 ᠲᠦᠮᠡᠨ ᠲᠣᠨ ᠰᠢᠨ᠎ᠡ ᠢᠰᠬᠡᠭᠦᠷ ᠤᠨ ᠰᠢᠷᠢᠰ ᠪᠦᠲᠦᠭᠡᠭᠳᠡᠬᠦᠨ | ᠦᠶᠯᠡᠳᠪᠦᠷᠢᠯᠡᠬᠦ ᠲᠥᠷᠥᠯ ᠵᠦᠶᠯ᠂ ᠥᠪᠥᠷ ᠮᠣᠩᠭᠤᠯ ᠤᠨ ᠾᠧᠩ ᠭᠤᠸᠠᠩ ᠳ᠋ᠠ ᠬᠢᠲᠠᠳ ᠡᠮ ᠤᠨ ᠮᠠᠲ᠋ᠧᠷᠢᠶᠠᠯ ᠢ | ᠨᠠᠷᠢᠯᠢᠭ ᠪᠣᠯᠪᠠᠰᠤᠷᠠᠭᠤᠯᠬᠤ ᠲᠥᠷᠥᠯ ᠵᠦᠶᠯ᠂ ᠤᠯᠠᠭᠠᠨᠬᠠᠳᠠ ᠶᠢᠨ ᠹᠦ᠋ ᠪᠠᠩ ᠵᠡᠰ ᠤᠨ ᠦᠶᠯᠡᠰ ᠤᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠵᠢᠦ ᠿᠢ ᠰᠢᠨ᠎ᠡ ᠮᠠᠲ᠋ᠧᠷᠢᠶᠠᠯ ᠤᠨ ᠬᠡᠷᠡᠯ ᠡᠭᠦᠰᠭᠡᠭᠴᠢ ᠡᠳ᠋ ᠵᠢᠴᠢ ᠵᠠᠪᠰᠠᠷ ᠤᠨ | ᠴᠣᠭᠴᠠ ᠶᠢᠨ ᠲᠥᠷᠥᠯ ᠵᠦᠶᠯ᠂ ᠤᠯᠠᠭᠠᠨᠬᠠᠳᠠ ᠬᠤᠲᠠ ᠶᠢᠨ ᠯᠢ ᠲᠦᠸᠧ ᠠᠭᠤᠷᠬᠠᠶ ᠶᠢᠨ ᠦᠶᠯᠡᠰ ᠤᠨ | ᠬᠢᠵᠠᠭᠠᠷᠲᠤ ᠺᠣᠮᠫᠠᠨᠢ ᠵᠡᠷᠭᠡ ᠠᠷᠪᠠᠨ ᠲᠠᠪᠤᠨ ᠦᠶᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠳᠤ ᠬᠦᠷᠴᠦ ᠲᠤᠬᠠᠶ | ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠠᠮᠢᠶ᠎ᠠ ᠪᠥᠬᠦᠶ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠪᠠ᠃ | | ᠳᠡᠳ᠋ ᠰᠢᠶᠠᠨ ᠤ ᠳᠠᠷᠤᠭ᠎ᠠ ᠮᠠ ᠮᠢᠩ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠰᠢᠶᠠᠨ ᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠰᠢᠶᠠᠨ ᠤ ᠠᠵᠤ ᠠᠬᠤᠶ ᠶᠢᠨ ᠬᠠᠮᠲᠤᠷᠠᠯᠴᠠᠭᠠᠨ ᠤ ᠦᠶᠯᠡᠴᠢᠯᠡᠭᠡᠨ ᠤ ᠲᠥᠪ᠂ | ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠯᠢᠨᠰᠢ ᠰᠢᠶᠠᠨ ᠤ ᠬᠤᠪᠢᠶᠠᠷᠢ | ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃ | | | | | | |