ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠵᠣᠷᠢᠯᠭ᠎ᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ | ᠳᠡᠭᠡᠭᠰᠢᠯᠡᠭᠦᠯᠬᠦ ᠲᠤᠬᠠᠶ ᠰᠠᠨᠠᠯ︾ ︵ᠲᠥᠪ ᠠᠯᠪᠠᠨ ᠲᠠᠷᠬᠠᠭᠠᠭᠰᠠᠨ ︹2016︺ 76 ᠳ᠋ᠤᠭᠠᠷ ᠲᠣᠭᠠᠲᠤ︶ ᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠲᠤᠭ᠎ᠠ ᠪᠦᠷᠢᠳᠬᠡᠯ ᠤᠨ ᠰᠢᠮᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠳᠤ ᠵᠢᠭᠠᠨ ᠭᠠᠷᠭᠠᠭᠰᠠᠨ ︽ᠲᠤᠭ᠎ᠠ ᠪᠦᠷᠢᠳᠬᠡᠯ ᠤᠨ ᠦᠨᠳᠦᠰᠦᠨ | ᠱᠠᠲᠤᠨ ᠤ ᠰᠠᠭᠤᠷᠢ ᠬᠦᠴᠦᠨ ᠪᠠᠭᠤᠷᠠᠶ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ | ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠲᠤᠭ᠎ᠠ ᠪᠦᠷᠢᠳᠬᠡᠯ ᠤᠨ ᠠᠵᠢᠯᠲᠠᠳ ᠨᠠᠰᠤ | ᠠᠬᠢᠭᠰᠠᠨ ᠨᠢ ᠣᠯᠠᠨ ᠮᠥᠷᠲᠡᠭᠡᠨ ᠴᠢᠳᠠᠪᠤᠷᠢ ᠬᠡᠪ ᠰᠤᠷᠲᠠᠯ ᠠᠷᠠᠢ ᠥᠨᠳᠥᠷ ᠪᠢᠰᠢ᠂ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠠᠵᠢᠯᠲᠠᠳ ᠤᠨ ᠠᠵᠢᠯ ᠤᠨ ᠪᠠᠶᠢᠷᠢ ᠳᠤ ᠪᠠᠶᠢᠨ ᠳᠠᠬᠢᠨ ᠬᠤᠪᠢᠷᠠᠯᠲᠠ ᠭᠠᠷᠳᠠᠭ ᠵᠡᠷᠭᠡ ᠠᠰᠠᠭᠤᠳᠠᠯ ᠤᠳ ᠲᠣᠪᠤᠶᠢᠮ᠎ᠠ | ᠪᠠᠶᠢᠬᠤ︾ ᠠᠰᠠᠭᠤᠳᠠᠯ ᠤᠳ ᠢ ᠢ ᠴᠡᠭᠴᠡᠯᠡᠨ ᠰᠠᠶᠢᠵᠢᠷᠠᠭᠤᠯᠵᠤ᠂ ᠬᠤᠰᠢᠭᠤ ᠰᠢᠶᠠᠨ᠂ ᠰᠠᠯᠠᠭ᠎ᠠ ᠮᠥᠴᠢᠷ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠢᠴᠢ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ | ᠴᠢᠳᠠᠪᠤᠷᠢ ᠶᠢᠨ ᠬᠢᠷᠢ ᠲᠥᠪᠰᠢᠨ ᠢ ᠦᠨᠡᠨ ᠬᠦ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ ᠡᠬᠢ ᠰᠤᠷᠪᠤᠯᠵᠢ ᠶᠢᠨ | ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠬᠢᠵᠢᠭᠦᠯᠬᠦ ᠶᠢᠨ ᠲᠤᠯᠠᠳᠠ ᠮᠠᠨ ᠤ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ | ᠲᠤᠭ᠎ᠠ ᠪᠦᠷᠢᠳᠬᠡᠯ ᠤᠨ ᠠᠵᠢᠯ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ᠂ ᠠᠵᠤ ᠦᠶ᠋ᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠠᠵᠢᠯ ᠢ ᠵᠢᠷᠤᠮᠵᠢᠭᠤᠯᠤᠨ ᠬᠠᠮᠢᠶᠠᠷᠬᠤ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ | ᠲᠣᠪᠴᠢᠯᠠᠨ᠎ᠠ︶ ᠶᠢ ᠲᠣᠭᠲᠠᠭᠠᠨ ᠨᠡᠶᠢᠲᠡᠯᠡᠪᠡ᠃ | ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠦᠨᠳᠦᠰᠦᠯᠡᠯ | ︽ᠬᠠᠮᠢᠶᠠᠷᠤᠯᠲᠠ ᠶᠢᠨ ᠠᠷᠭ᠎ᠠ︾ ᠶᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠤᠭ᠎ᠠ ᠪᠦᠷᠢᠳᠬᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ | ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠲᠦᠷᠢᠮ︾᠂ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ | ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ︾ ︵ᠲᠥᠪ ᠠᠯᠪᠠᠨ ᠲᠠᠷᠬᠠᠭᠠᠭᠰᠠᠨ ︹2016︺ 76 ᠳ᠋ᠤᠭᠠᠷ | ᠲᠣᠭᠠᠲᠤ︶᠂ ︽ᠠᠵᠤ ᠠᠬᠤᠶᠢᠯᠠᠯ ᠤᠨ ᠡᠯᠧᠺᠳ᠋ᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠠᠵᠢᠯ ᠢ ᠪᠥᠬᠦ | ᠲᠠᠯ᠎ᠠ ᠪᠠᠷ ᠠᠬᠢᠭᠤᠯᠬᠤ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠢᠯᠣᠭᠤᠳᠬᠤ ᠰᠠᠨᠠᠯ︾ ︵ | ᠤᠯᠤᠰ ᠪᠦᠷᠢᠳᠬᠡᠯ ᠥᠰᠥᠭ ︹2021︺ 84 ᠳ᠋ᠦ᠋ᠭᠡᠷ ᠲᠣᠭᠠᠲᠤ︶᠂ ︽ᠲᠤᠭ᠎ᠠ ᠪᠦᠷᠢᠳᠬᠡᠯ ᠤᠨ ᠦᠨᠳᠦᠰᠦᠨ | ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠤᠰ ᠤᠨ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠠᠨᠠᠯ︾ ︵ᠤᠯᠤᠰ ᠪᠦᠷᠢᠳᠬᠡᠯ ᠦᠰᠦᠭ ︹2021︺ 85 ᠳ᠋ᠤᠭᠠᠷ | ᠲᠣᠭᠠᠲᠤ︶᠂ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ | ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ︹2017︺ 32 ᠳ᠋ᠤᠭᠠᠷ ᠲᠣᠭᠠᠲᠤ︶ | ᠵᠡᠷᠭᠡ ᠪᠢᠴᠢᠭ ᠮᠠᠲ᠋ᠧᠷᠢᠶᠠᠯ ᠤᠳ ᠢ ᠦᠨᠳᠦᠰᠦᠯᠡᠨ ᠲᠣᠭᠲᠠᠭᠠᠵᠠᠢ᠃ | ᠭᠤᠷᠪᠠ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ | ︽ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ 6 ᠪᠦᠯᠦᠭ 39 ᠵᠦᠢᠯ ᠢᠶᠠᠷ ᠪᠦᠷᠢᠯᠳᠦᠵᠦ᠂ ᠭᠤᠤᠯᠳᠠᠭᠤ | ᠶᠡᠷᠦᠩᠬᠡᠶ ᠲᠦᠷᠢᠮ᠂ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ | ᠱᠠᠭᠠᠷᠳᠠᠯᠭ᠎ᠠ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ᠂ ᠠᠵᠤ | ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ᠂ | ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ᠂ ᠳᠠᠭᠠᠯᠳᠤᠭᠤᠯᠤᠯ | ᠲᠦᠷᠢᠮ ᠵᠡᠷᠭᠡ ᠠᠭᠤᠯᠭ᠎ᠠ ᠨᠤᠭᠤᠳ ᠢ ᠪᠠᠭᠲᠠᠭᠠᠪᠠ᠃ | ︵ᠨᠢᠭᠡ︶ ᠶᠡᠷᠦᠩᠬᠡᠢ ᠲᠦᠷᠢᠮ ᠤᠨ ᠲᠤᠬᠠᠢ | ︽ᠬᠠᠮᠢᠶᠠᠷᠤᠯᠲᠠ ᠶᠢᠨ ᠠᠷᠭ᠎ᠠ︾ ᠶᠢᠨ ᠬᠡᠷᠡᠭᠵᠢᠭᠦᠯᠦᠭᠳᠡᠬᠦ ᠬᠡᠪᠴᠢᠶ᠎ᠡ ᠶᠢ ᠲᠣᠳᠣᠷᠬᠠᠶᠢᠯᠠᠪᠠ᠂ ᠳᠠᠷᠤᠢ | ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ︔ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ | ᠵᠠᠬᠢᠷᠭᠠᠨ ᠤ ᠪᠠᠶᠢᠭᠤᠯᠭ᠎ᠠ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠮᠵᠢᠲᠤ ᠠᠵᠢᠯ ᠦᠶ᠋ᠯᠡᠰ ᠤᠨ | ᠨᠢᠭᠡᠴᠢ᠂ ᠡᠷᠬᠡ ᠣᠯᠭᠤᠯᠲᠠ ᠪᠠᠷ ᠳᠠᠮᠵᠢᠨ ᠵᠠᠰᠠᠭ ᠤᠨ ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ | ᠲᠥᠯᠦᠭᠡᠯᠡᠨ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠶᠢ ᠣᠷᠣᠯᠠᠨ ᠭᠦᠶ᠋ᠴᠡᠳᠬᠡᠬᠦ ᠠᠵᠤ ᠦᠶ᠋ᠯᠡᠳᠪᠦᠷᠢ | ᠬᠤᠳᠠᠯᠳᠤᠭ᠎ᠠ ᠶᠢᠨ ᠬᠤᠯᠪᠣᠭᠠᠲᠤ ᠬᠤᠷᠠᠯ ᠪᠤᠶᠤ ᠠᠵᠢᠯ ᠲᠥᠷᠥᠯ ᠤᠨ ᠨᠡᠶᠢᠭᠡᠮᠯᠢᠭ ᠪᠠ ᠪᠦᠯᠦᠭᠯᠡᠯ ᠺᠣᠮᠫᠠᠨᠢ ᠵᠢᠴᠢ | ᠵᠣᠬᠢᠬᠤ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠲᠠᠢ ᠠᠷᠠᠳ ᠤᠨ ᠪᠦᠯᠬᠦᠮ ᠵᠡᠷᠭᠡ ᠰᠠᠯᠠᠭ᠎ᠠ ᠮᠥᠴᠢᠷ ᠤᠳ︔ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ ᠪᠠᠶᠢᠭᠤᠯᠤᠭᠳᠠᠭᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ | ᠳᠣᠲᠤᠷᠠᠬᠢ ᠠᠵᠤ ᠦᠢᠯᠡᠳᠪᠦᠷᠢ ᠪᠠᠷ ᠭᠤᠣᠯᠯᠠᠭᠤᠯᠤᠭᠰᠠᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠢᠯᠢ ᠶᠢᠨ ᠠᠵᠤ ᠠᠬᠤᠶ ᠶᠢᠨ | ᠬᠤᠷᠰᠢᠶᠠᠵᠢᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ︔ ᠥᠪᠡᠷᠲᠡᠭᠡᠨ ᠵᠠᠰᠠᠬᠤ ᠣᠷᠣᠨ ᠤ | ᠵᠠᠰᠠᠭ ᠵᠠᠬᠢᠷᠭᠠᠨ ᠤ ᠣᠷᠣᠨ ᠤ ᠳᠣᠲᠣᠷ᠎ᠠ ᠠᠰᠢᠭ ᠣᠯᠵᠠᠪᠤᠷᠢ ᠶᠢᠨ ᠴᠢᠨᠠᠷᠲᠠᠶ ᠠᠵᠢᠯᠯᠠᠭ᠎ᠠ ᠬᠢᠵᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯᠭ᠎ᠠ ᠳᠤ ᠬᠠᠤᠯᠢ ᠶᠣᠰᠣᠭᠠᠷ ᠳᠠᠩᠰᠠᠯᠠᠭᠤᠯᠤᠭᠰᠠᠨ | ᠬᠠᠤᠯᠢ ᠶᠢᠨ ᠡᠷᠬᠡᠲᠡᠨ ᠤ ᠨᠢᠭᠡᠴᠢ ᠪᠠ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠢ ᠵᠢᠴᠢ ᠪᠤᠰᠤᠳ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠨᠤᠭᠤᠳ ᠪᠤᠯᠤᠨ᠎ᠠ᠃ | ︵ᠬᠤᠶᠠᠷ︶ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ | ᠱᠠᠭᠠᠷᠳᠠᠯᠭ᠎ᠠ ᠶᠢᠨ ᠲᠤᠬᠠᠶ | ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠨᠢ ︽ᠲᠠᠪᠤ ᠶᠢ ᠵᠢᠷᠤᠮᠵᠢᠭᠤᠯᠵᠤ ᠳᠥᠷᠪᠡ ᠶᠢ | ᠳᠡᠭᠡᠭᠰᠢᠯᠡᠭᠦᠯᠬᠦ︾ ᠬᠠᠷᠠᠯᠲᠠ ᠶᠢ ᠪᠡᠶᠡᠯᠡᠭᠦᠯᠬᠦ ᠶᠢ ᠳᠤᠷᠠᠳᠴᠠᠢ᠂ ᠲᠤᠬᠠᠶᠢᠯᠠᠪᠠᠯ ᠬᠤᠰᠢᠭᠤ ᠰᠢᠶᠠᠨ ᠤ ᠱᠠᠲᠤᠨ ᠤ | ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ᠂ ᠲᠤᠭ᠎ᠠ ᠪᠠᠷᠢᠮᠲᠠ ᠶᠢ ᠪᠤᠢ ᠪᠤᠯᠭᠠᠬᠤ ᠴᠤᠪᠤᠷᠠᠯ᠂ ᠲᠤᠭ᠎ᠠ | ᠪᠦᠷᠢᠳᠬᠡᠯ ᠤᠨ ᠠᠵᠢᠯ ᠤᠨ ᠪᠣᠯᠪᠠᠰᠤᠷᠠᠯ ᠬᠥᠮᠦᠵᠢᠯ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠨᠡᠶᠢᠲᠡᠯᠡᠬᠦ ᠪᠠ | ᠲᠤᠭ᠎ᠠ ᠪᠦᠷᠢᠳᠬᠡᠯ ᠤᠨ ᠪᠢᠴᠢᠭ ᠮᠠᠲ᠋ᠧᠷᠢᠶᠠᠯ ᠤᠳ ᠤᠨ ᠬᠠᠮᠢᠶᠠᠷᠤᠯᠲᠠ ᠵᠡᠷᠭᠡ ᠶᠢ ᠵᠢᠷᠤᠮᠵᠢᠭᠤᠯᠵᠤ᠂ ᠲᠤᠭ᠎ᠠ | ᠪᠠᠷᠢᠮᠲᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠬᠢᠷᠢ ᠲᠥᠪᠰᠢᠨ᠂ ᠲᠤᠭ᠎ᠠ ᠪᠦᠷᠢᠳᠬᠡᠯ ᠤᠨ ᠬᠠᠤᠯᠢ ᠪᠠᠷ | ᠵᠠᠰᠠᠬᠤ ᠪᠠᠶᠢᠭᠤᠯᠤᠯᠲᠠ ᠶᠢᠨ ᠬᠢᠷᠢ ᠲᠥᠪᠰᠢᠨ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ | ᠪᠠᠶᠢᠭᠤᠯᠤᠯᠲᠠ ᠶᠢᠨ ᠬᠢᠷᠢ ᠲᠥᠪᠰᠢᠨ ᠵᠢᠴᠢ ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠬᠤ ᠬᠢᠷᠢ ᠲᠥᠪᠰᠢᠨ | ᠵᠡᠷᠭᠡ ᠶᠢ ᠳᠡᠭᠡᠭᠰᠢᠯᠡᠭᠦᠯᠦᠨ᠎ᠡ᠃ | ︵ᠭᠤᠷᠪᠠ︶ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ ᠶᠢᠨ | ᠲᠤᠬᠠᠶ | ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠳᠤ ︽ᠵᠢᠷᠭᠤᠭ᠎ᠠ ᠶᠢ ᠵᠢᠷᠤᠮᠵᠢᠭᠤᠯᠵᠤ ᠲᠠᠪᠤ ᠶᠢ | ᠴᠢᠩᠭᠠᠳᠬᠠᠬᠤ︾ ᠬᠠᠷᠠᠯᠲᠠ ᠶᠢ ᠪᠠᠶᠡᠯᠡᠭᠦᠯᠬᠦ ᠶᠢ ᠳᠤᠷᠠᠳᠪᠠ᠂ ᠲᠤᠬᠠᠶᠢᠯᠠᠪᠠᠯ ᠰᠠᠯᠠᠭ᠎ᠠ ᠮᠥᠴᠢᠷ ᠤᠨ ᠲᠤᠭ᠎ᠠ | ᠪᠦᠷᠢᠳᠬᠡᠯ ᠤᠨ ᠠᠵᠢᠯ ᠤᠨ ᠬᠠᠮᠢᠶᠠᠷᠤᠯᠲᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠵᠢᠷᠤᠭ ᠲᠥᠯᠥᠪᠯᠡᠭᠡ᠂ | ᠪᠠᠶᠢᠴᠠᠭᠠᠯᠲᠠ ᠶᠢᠨ ᠲᠥᠷᠥᠯ ᠵᠦᠶ᠋ᠯ ᠢ ᠬᠢᠨᠠᠨ ᠵᠥᠪᠰᠢᠶᠡᠷᠡᠬᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠠᠵᠢᠯᠯᠠᠭ᠎ᠠ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠲᠤᠭ᠎ᠠ ᠪᠠᠷᠢᠮᠲᠠ ᠶᠢ | ᠨᠡᠶᠢᠲᠡᠯᠡᠬᠦ ᠠᠭᠤᠯᠭ᠎ᠠ ᠵᠡᠷᠭᠡ ᠶᠢ ᠵᠢᠷᠤᠮᠵᠢᠭᠤᠯᠵᠤ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ | ᠭᠥᠷᠳᠡᠬᠦ᠂ ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ ᠶᠢ ᠬᠠᠮᠠᠭᠠᠯᠠᠬᠤ᠂ ᠲᠤᠭ᠎ᠠ ᠪᠦᠷᠢᠳᠬᠡᠯ ᠤᠨ ᠬᠠᠤᠯᠢ ᠪᠠᠷ | ᠵᠠᠰᠠᠬᠤ ᠪᠠᠶᠢᠭᠤᠯᠤᠯᠲᠠ᠂ ᠶᠠᠰᠤ ᠴᠢᠨᠠᠷ ᠢ ᠦᠨᠡᠯᠡᠨ ᠵᠢᠱᠢᠵᠦ ᠰᠢᠯᠭᠠᠨ ᠠᠪᠬᠤ ᠪᠠ ᠮᠡᠳᠡᠭᠡ ᠵᠠᠩᠭᠢ ᠶᠢᠨ | ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ | ︵ᠳᠥᠷᠪᠡ︶ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ | ᠵᠢᠷᠤᠮᠵᠢᠯ ᠪᠠ ᠱᠠᠭᠠᠷᠳᠠᠯᠭ᠎ᠠ ᠶᠢᠨ ᠲᠤᠬᠠᠶ | ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠳᠤ ︽ᠭᠤᠷᠪᠠ ᠶᠢ | ᠵᠢᠷᠤᠮᠵᠢᠭᠤᠯᠵᠤ ᠬᠤᠶᠠᠷ ᠢ ᠳᠡᠭᠡᠭᠰᠢᠯᠡᠭᠦᠯᠬᠦ︾ ᠬᠠᠷᠠᠯᠲᠠ ᠶᠢ ᠪᠡᠶᠡᠯᠡᠭᠦᠯᠬᠦ ᠶᠢ ᠳᠤᠷᠠᠳᠴᠠᠢ᠂ ᠳᠠᠷᠤᠢ ᠠᠵᠤ | ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ᠂ ᠲᠤᠭ᠎ᠠ | ᠪᠦᠷᠢᠳᠬᠡᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠴᠤᠪᠤᠷᠠᠯ ᠵᠡᠷᠭᠡ ᠶᠢ ᠵᠢᠷᠤᠮᠵᠢᠭᠤᠯᠵᠤ᠂ ᠬᠠᠤᠯᠢ ᠶᠣᠰᠣᠭᠠᠷ ᠪᠦᠷᠢᠳᠬᠡᠬᠦ ᠴᠢᠳᠠᠪᠤᠷᠢ ᠵᠢᠴᠢ ᠲᠤᠭ᠎ᠠ ᠪᠦᠷᠢᠳᠬᠡᠯ ᠤᠨ | ᠠᠵᠢᠯ ᠢ ᠬᠢᠨᠠᠨ ᠰᠢᠯᠭᠠᠬᠤ ᠡᠷᠴᠢᠮ ᠢ ᠳᠡᠭᠡᠭᠰᠢᠯᠡᠭᠦᠯᠦᠨ᠎ᠡ᠃ | ︵ᠲᠠᠪᠤ︶ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠤᠨ ᠠᠭᠤᠯᠭ᠎ᠠ ᠪᠠ | ᠱᠠᠭᠠᠷᠳᠠᠯᠭ᠎ᠠ ᠶᠢᠨ ᠲᠤᠬᠠᠶ | ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠳᠤ ︽ᠭᠤᠷᠪᠠ ᠶᠢ ᠵᠢᠷᠤᠮᠵᠢᠭᠤᠯᠵᠤ ᠳᠥᠷᠪᠡ ᠶᠢ | ᠴᠢᠩᠭᠠᠷᠠᠭᠤᠯᠬᠤ︾ ᠬᠠᠷᠠᠯᠲᠠ ᠶᠢ ᠪᠡᠶᠡᠯᠡᠭᠦᠯᠬᠦ ᠶᠢ ᠲᠤᠷᠠᠳᠪᠠ᠂ ᠲᠤᠬᠠᠶᠢᠯᠠᠪᠠᠯ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠬᠠᠮᠢᠶᠠᠷᠤᠯᠲᠠ᠂ ᠲᠤᠭ᠎ᠠ ᠪᠦᠷᠢᠳᠬᠡᠯ ᠤᠨ ᠠᠵᠢᠯᠯᠠᠭ᠎ᠠ ᠪᠠ ᠠᠵᠢᠯᠲᠠᠨ ᠤ ᠪᠣᠯᠪᠠᠰᠤᠷᠠᠯ ᠵᠡᠷᠭᠡ ᠶᠢ | ᠵᠢᠷᠤᠮᠵᠢᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠦᠷᠢᠮ᠂ ᠲᠤᠭ᠎ᠠ | ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ᠂ ᠶᠡᠷᠦᠩᠬᠡᠶᠢᠯᠡᠭᠰᠡᠨ ᠪᠠᠲᠤᠯᠠᠭ᠎ᠠ ᠵᠢᠴᠢ ᠲᠤᠭ᠎ᠠ ᠪᠦᠷᠢᠳᠬᠡᠯ ᠤᠨ | ᠱᠠᠩᠨᠠᠵᠤ ᠲᠣᠷᠭᠠᠬᠤ ᠳᠦᠷᠢᠮ ᠢ ᠴᠢᠩᠭᠠᠳᠬᠠᠨ᠎ᠠ᠃ |