ᠯᠢᠨᠰᠢ ᠰᠢᠶᠠᠨ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠲᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠲᠦᠭᠡᠮᠡᠯ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠬᠡᠷᠡᠭᠵᠢᠭᠦᠯᠬᠦ ᠶᠢ ᠦᠨᠡᠨ ᠬᠦ ᠪᠠᠲᠤᠯᠠᠪᠠ
ᠨᠡᠶᠢᠲᠡᠯᠡᠭᠰᠡᠨ ᠴᠠᠭ᠄
2021/8/23
     ︽ᠡᠮ ᠤᠨ ᠵᠦᠶᠯ ᠤᠨ ᠭᠠᠷᠴᠠᠭ︾᠂  ︽ᠣᠨᠣᠰᠢᠯᠠᠨ ᠡᠮᠨᠡᠬᠦ ᠲᠥᠷᠥᠯ ᠵᠦᠶᠯ︾᠂ ︽ᠦᠶᠯᠡᠴᠢᠯᠡᠭᠡᠨ ᠤ ᠲᠥᠷᠥᠯ ᠵᠦᠶᠯ︾ ᠭᠡᠬᠦ ᠭᠤᠷᠪᠠᠨ ᠶᠡᠭᠡ ᠭᠠᠷᠴᠠᠭ ᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠲᠣᠭᠲᠠᠭᠠᠯ ᠠᠴᠠ ᠵᠦᠷᠢᠴᠠᠬᠦ ᠶᠢ ᠴᠠᠭ ᠲᠤᠬᠠᠶ ᠳᠤᠨᠢ ᠰᠡᠷᠡᠮᠵᠢᠯᠡᠭᠦᠯᠬᠦ᠂ ᠬᠥᠳᠡᠯᠦᠩᠭᠦᠶ ᠲᠣᠬᠢᠷᠠᠭᠤᠯᠤᠯᠲᠠ ᠬᠢᠬᠦ ᠶᠢ ᠪᠣᠲᠠᠲᠠᠶᠢᠵᠢᠭᠤᠯᠬᠤ ᠂ ᠡᠮ ᠤᠨ ᠵᠦᠶᠯ ᠤᠨ ᠭᠠᠷᠴᠠᠭ ᠤᠨ ᠬᠡᠷᠡᠭᠯᠡᠯᠲᠡ ᠨᠢ ᠵᠢᠷᠤᠮᠵᠢᠯ ᠲᠠᠢ᠂ ᠣᠨᠣᠰᠢᠯᠠᠨ ᠡᠮᠨᠡᠬᠦ ᠦᠶᠯᠡᠴᠢᠯᠡᠭᠡᠨ ᠤ ᠲᠥᠷᠥᠯ ᠵᠦᠶᠯ ᠤᠨ ᠰᠦᠶᠳᠬᠡᠯ ᠬᠤᠷᠢᠶᠠᠬᠤ ᠨᠢ ᠵᠦᠶ ᠵᠣᠬᠢᠰᠲᠠᠶ ᠪᠠᠶᠢᠬᠤ ᠶᠢ ᠦᠨᠡᠨᠬᠦ ᠪᠠᠲᠣᠯᠠᠪᠠ᠃ ᠳᠡᠭᠡᠷ᠎ᠡ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ 9 ᠪᠦᠯᠦᠭ ᠤᠳᠠᠭ᠎ᠠ 154 ᠡᠮᠴᠢᠯᠡᠭᠡᠨ ᠤ ᠦᠶᠯᠡᠴᠢᠯᠡᠭᠡᠨ ᠤ ᠲᠥᠷᠥᠯ ᠵᠦᠶᠯ ᠢ ᠲᠣᠬᠢᠷᠠᠭᠤᠯᠤᠨ ᠵᠣᠯᠭᠠᠭᠤᠯᠬᠤ᠂ 7 ᠪᠦᠯᠦᠭ ᠤᠳᠠᠭ᠎ᠠ 366 ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠭᠠᠷᠴᠠᠭ ᠲᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ᠂ ᠤᠯᠤᠰ ᠤᠨ 2020 ᠣᠨ ᠤ ᠬᠡᠪᠯᠡᠯ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠢ ᠰᠣᠯᠢᠬᠤ ᠡᠭᠦᠷᠭᠡ ᠶᠢ ᠪᠡᠶᠡᠯᠡᠭᠦᠯᠬᠦ᠂ ᠥᠪᠡᠷᠲᠡᠭᠡᠨ ᠵᠠᠰᠠᠬᠤ ᠣᠷᠣᠨ ᠤ 8 ᠪᠦᠯᠦᠭ ᠤᠳᠠᠭ᠎ᠠ ᠶᠢ ᠬᠢᠨᠠᠨ ᠵᠢᠯᠣᠭᠤᠳᠬᠤ 204932 ᠵᠦᠶᠯ ᠤᠨ ᠲᠤᠭ᠎ᠠ ᠪᠠᠷᠢᠮᠲᠠ ᠳᠤ ᠲᠣᠬᠢᠷᠠᠭᠤᠯᠤᠯᠲᠠ ᠬᠢᠬᠦ᠂ ᠤᠳᠠᠭᠠᠨ ᠴᠢᠨᠠᠷᠲᠠᠶ ᠡᠪᠡᠳᠴᠢᠨ ᠤ ᠡᠮ ᠤᠨ 60 ᠲᠥᠷᠥᠯ ᠵᠦᠶᠯ ᠢ ᠨᠡᠮᠡᠵᠦ ᠨᠥᠬᠦᠪᠥᠷᠢᠯᠡᠬᠦ ᠶᠢ ᠪᠡᠶᠡᠯᠡᠭᠦᠯᠪᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号