ᠪᠦᠬᠦ ᠰᠢᠶᠠᠨ ᠤ 104 ᠵᠠᠰᠠᠭ ᠵᠠᠬᠢᠷᠭᠠᠨ ᠤ ᠲᠣᠰᠬᠤᠨ ᠪᠦᠬᠦᠨ ᠢᠶᠠᠷ ᠢᠶᠠᠨ ᠠᠶᠢᠯ ᠲᠣᠰᠬᠤᠨ ᠤ ᠠᠷᠢᠭᠤᠨ | ᠴᠡᠪᠡᠷ ᠤᠨ ᠠᠵᠢᠯᠯᠠᠭ᠎ᠠ ᠶᠢ ᠥᠷᠨᠢᠭᠦᠯᠦᠭᠰᠡᠨ ᠪᠥᠭᠡᠳ ᠪᠠᠶᠢᠩᠭᠤ ᠶᠢᠨ ᠠᠷᠢᠭᠤᠨ ᠴᠡᠪᠡᠷ ᠢ ᠬᠠᠮᠠᠭᠠᠯᠠᠬᠤ ᠠᠵᠢᠯᠯᠠᠭ᠎ᠠ | ᠶᠢ ᠪᠦᠷᠢᠯᠳᠦᠭᠦᠯᠵᠦ᠂ ᠡᠳ᠋ ᠤᠨ ᠵᠠᠰᠠᠭ ᠠᠴᠠ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠳᠤ ᠬᠡᠷᠡᠭᠯᠡᠬᠦ | ᠲᠤᠰᠬᠠᠶ ᠪᠡᠯᠡ ᠮᠥᠩᠭᠦ 132 . 9 ᠲᠦᠮᠡᠨ ᠲᠥᠭᠦᠷᠢᠭ ᠳᠣᠬᠢᠷᠠᠭᠤᠯᠵᠦ᠂ ᠬᠥᠳᠡᠭᠡ ᠲᠣᠰᠬᠤᠨ ᠤ ᠠᠮᠢᠳᠤᠷᠠᠯ ᠤᠨ | ᠬᠤᠭ ᠨᠣᠪᠰᠢ ᠶᠢ 9191 ᠲᠣᠨ ᠴᠡᠪᠡᠷᠯᠡᠵᠦ᠂ ᠲᠣᠰᠬᠤᠨ ᠤ ᠳᠣᠲᠣᠷᠠᠬᠢ 102 . 6 ᠺᠢᠯᠣᠮᠧᠲᠷ ᠭᠤᠤ ᠰᠤᠪᠠᠭ | ᠢ ᠴᠡᠪᠡᠷᠯᠡᠵᠦ᠂ ᠮᠠᠯ ᠵᠢᠭᠦᠷᠲᠡᠨ ᠤ ᠲᠡᠵᠢᠭᠡᠨ ᠦᠷᠡᠵᠢᠭᠦᠯᠦᠭᠰᠡᠨ ᠢᠯᠭᠠᠳᠠᠰᠤ ᠵᠡᠷᠭᠡ ᠲᠠᠷᠢᠶᠠᠯᠠᠩ ᠤᠨ | ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ 9553 ᠲᠣᠨ ᠴᠡᠪᠡᠷᠯᠡᠵᠦ᠂ ᠠᠶᠢᠯ ᠡᠷᠦᠬᠡ ᠳᠤ ᠣᠷᠣᠬᠤ | ᠤᠬᠠᠭᠤᠯᠭ᠎ᠠ ᠬᠥᠮᠦᠵᠢᠯ ᠢ 161 ᠤᠳᠠᠭ᠎ᠠ ᠥᠷᠨᠢᠭᠦᠯᠵᠦ᠂ 10885 ᠬᠤᠪᠢ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠤ᠂ 160 ᠵᠤᠷᠪᠤᠰ ᠤᠬᠠᠭᠤᠯᠭ᠎ᠠ ᠶᠢᠨ ᠤᠷᠢᠶ᠎ᠠ ᠨᠠᠭᠠᠵᠤ᠂ ᠣᠯᠠᠨ ᠲᠦᠮᠡᠨ ᠢ 4949 ᠬᠥᠮᠦᠨ | ᠤᠳᠠᠭ᠎ᠠ ᠣᠷᠢᠶᠠᠯᠠᠨ ᠳᠠᠭᠠᠭᠤᠯᠵᠠᠢ᠃ |