ᠴᠧᠩ ᠨᠠᠨ ᠵᠡᠭᠡᠯᠢ ᠭᠤᠳᠤᠮᠵᠢ ᠶᠢᠨ ᠲᠦᠩ ᠳ᠋ᠦ᠋ ᠨᠡᠶᠢᠭᠡᠮ ᠲᠣᠭᠤᠷᠢᠭ ᠤᠨ ᠬᠢᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠲᠠᠢ ᠬᠠᠮᠳᠣ ᠪᠠᠷ ᠪᠠᠭᠰᠢ ᠶᠢᠨ ᠪᠠᠶᠠᠷ  ᠤᠨ  ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/13
    ᠠᠯᠲᠠᠨ ᠨᠠᠮᠤᠷ ᠤᠨ ᠶᠢᠰᠦᠨ ᠰᠠᠷ᠎ᠠ ᠪᠠᠷ ᠣᠯᠣᠰ ᠳᠠᠶᠠᠭᠠᠷ ᠢᠶᠠᠨ 37 ᠳᠠᠬᠢ ᠪᠠᠭᠰᠢ ᠶᠢᠨ ᠪᠠᠶᠠᠷ ᠤᠨ ᠡᠳᠦᠷ ᠢᠶᠠᠨ ᠤᠭᠲᠤᠨ ᠠᠪᠴᠢᠷᠠᠯ᠎ᠠ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠪᠠᠳᠠᠷᠠᠭᠤᠯᠵᠤ᠂ ᠨᠠᠰᠤᠨ ᠳᠤ ᠦᠯᠦ ᠬᠦᠷᠦᠭᠰᠡᠳ ᠳᠤ ᠪᠠᠭᠰᠢ ᠪᠠᠨ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠬᠥᠮᠦᠵᠢᠭᠦᠯᠬᠦ ᠶᠢᠨ ᠲᠥᠯᠥᠭᠡ᠂ 9 ᠰᠠᠷ᠎ᠠ ᠶᠢᠨ 10 ᠤ ᠦᠳᠡ ᠶᠢᠨ ᠡᠮᠦᠨ᠎ᠡ᠂ ᠲᠦᠩ ᠳ᠋ᠦ᠋ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠬᠢᠨ ᠯᠢᠨᠰᠢ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠨᠠᠮ ᠤᠨ ᠡᠭᠦᠷ ᠲᠠᠢ ᠬᠠᠮᠳᠣ ᠪᠠᠷ 35 ᠵᠢᠯ ᠠᠴᠠ ᠳᠡᠭᠡᠭᠰᠢ ᠪᠠᠭᠰᠢᠯᠠᠭᠰᠠᠨ ᠠᠬᠠᠮᠠᠳ ᠨᠠᠮ ᠤᠨ ᠭᠡᠰᠢᠭᠦᠨ ᠵᠢᠴᠢ ᠪᠦᠬᠦ ᠪᠠᠭᠰᠢ ᠨᠠᠷ ᠲᠤ ᠪᠠᠶᠠᠷ ᠤᠨ ᠡᠳᠦᠷ ᠤᠨ ᠮᠡᠨᠳᠦ ᠳᠡᠪᠰᠢᠭᠦᠯᠵᠦ᠂ ᠨᠠᠮ ᠪᠠ ᠰᠤᠷᠭᠠᠭᠤᠯᠢ ᠶᠢᠨ ᠬᠠᠶᠢᠷ᠎ᠠ ᠬᠠᠯᠠᠮᠵᠢ ᠶᠢ ᠠᠬᠠᠮᠠᠳ ᠪᠠᠭᠰᠢ ᠳᠤ ᠪᠠᠨ ᠬᠦᠷᠭᠡᠵᠡᠢ᠃
    ᠪᠠᠶᠠᠷ ᠤᠨ ᠡᠳᠦᠷ ᠤᠨ ᠲᠤᠬᠠᠶ ᠶᠢᠨ ᠡᠳᠦᠷ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠯᠢᠨᠰᠢ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠢᠷᠡᠵᠦ᠂ 35 ᠵᠢᠯ ᠠᠴᠠ ᠳᠡᠭᠡᠭᠰᠢ ᠪᠠᠭᠰᠢᠯᠠᠭᠰᠠᠨ 25 ᠠᠬᠠᠮᠠᠳ ᠨᠠᠮ ᠤᠨ ᠭᠡᠰᠢᠭᠦᠨ ᠪᠠ ᠠᠬᠠᠮᠠᠳ ᠪᠠᠭᠰᠢ ᠨᠠᠷ ᠲᠤ ᠪᠠᠨ ᠰᠣᠷᠭᠤᠭ ᠴᠡᠴᠡᠭ ᠬᠦᠷᠭᠡᠵᠦ᠂ ᠴᠢᠩ ᠰᠡᠳᠬᠢᠯ ᠤᠨ ᠪᠠᠶᠠᠷ ᠤᠨ ᠡᠳᠦᠷ ᠤᠨ ᠮᠡᠨᠳᠦᠴᠢᠯᠡᠯ ᠪᠠ ᠭᠦᠨ ᠰᠡᠳᠬᠢᠯᠭᠡ ᠶᠢᠨ ᠵᠥᠩᠨᠡᠯ ᠳᠡᠪᠰᠢᠭᠦᠯᠵᠦ᠂ ᠪᠠᠭᠰᠢ ᠨᠠᠷ ᠤᠨ ᠡᠩ ᠤᠨ ᠴᠠᠭ ᠲᠠᠭᠠᠨ ᠰᠢᠷᠭᠠᠭᠤ ᠬᠠᠲᠠᠭᠤᠵᠢᠯᠲᠠᠢ ᠠᠵᠢᠯᠯᠠᠵᠤ ᠵᠢᠳᠬᠦᠭᠰᠡᠨ ᠳᠤ ᠲᠠᠯᠠᠷᠬᠠᠬᠤ ᠶᠢᠨ ᠬᠠᠮᠲᠤ ᠠᠬᠠᠮᠠᠳ ᠪᠠᠭᠰᠢ ᠨᠠᠷ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ ᠪᠣᠯᠤᠨ ᠡᠳᠦᠷ ᠲᠤᠳᠤᠮ ᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠪᠠ᠃
    ᠪᠡᠯᠭᠡᠯᠡᠬᠦ ᠠᠵᠢᠯᠯᠠᠭ᠎ᠠ ᠶᠢ ᠥᠷᠨᠢᠭᠦᠯᠦᠭᠰᠡᠨ ᠨᠢ ᠨᠠᠮ ᠪᠠ ᠠᠷᠠᠳ ᠲᠦᠮᠡᠨ ᠤ ᠪᠠᠭᠰᠢ ᠬᠦᠮᠦᠨ ᠤ ᠡᠷᠬᠢᠮ ᠳᠡᠭᠡᠳᠦ ᠠᠵᠢᠯ ᠮᠡᠷᠭᠡᠵᠢᠯ ᠢ ᠬᠦᠨᠳᠦᠳᠬᠡᠨ ᠪᠢᠰᠢᠷᠡᠵᠦ ᠪᠠᠶᠢᠬᠤ ᠶᠢ ᠢᠯᠡᠳᠬᠡᠭᠰᠡᠨ ᠪᠦᠭᠡᠳ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ  ᠪᠣᠯᠭᠠᠵᠠᠢ᠃  
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号