ᠭᠤᠸᠠᠨᠳᠢ ᠪᠠᠯᠭᠠᠰᠤᠨ ᠤ ᠬᠤᠳᠠᠯᠳᠤᠭᠠᠴᠢᠨ  ᠤᠷᠢᠬᠤ ᠰᠠᠯᠪᠤᠷᠢ  ᠪᠠᠭ᠎ᠠ  ᠠᠩᠭᠢ ᠾᠧᠪᠧᠢ ᠮᠤᠵᠢ ᠳᠤ  ᠬᠦᠷᠴᠦ  ᠬᠤᠳᠠᠯᠳᠤᠭᠠᠴᠢᠨ  ᠤᠷᠢᠵᠤ  ᠪᠠᠯᠠ  ᠣᠷᠣᠭᠤᠯᠬᠤ ᠠᠵᠢᠯ ᠥᠷᠨᠢᠭᠦᠯᠦᠭᠰᠡᠨ ᠪᠥᠭᠡᠳ ᠢᠳᠡᠭᠡᠨ ᠤ ᠮᠦᠬᠦ ᠶᠢᠨ ᠠᠵᠤ ᠦᠢᠯᠡᠰ ᠤᠨ ᠬᠥᠭᠵᠢᠯᠲᠡ  ᠶᠢᠨ  ᠲᠤᠷᠰᠢᠯᠭ᠎ᠠ  ᠶᠢ  ᠰᠢᠨᠵᠢᠯᠡᠨ  ᠪᠠᠶᠢᠴᠠᠭᠠᠵᠤ  ᠰᠤᠷᠤᠯᠴᠠᠪᠠ
ᠨᠡᠶᠢᠲᠡᠯᠡᠭᠰᠡᠨ ᠴᠠᠭ᠄
2021/9/6
    9 ᠰᠠᠷ᠎ᠠ ᠶᠢᠨ 3 ᠤ ᠡᠳᠦᠷ ᠠᠴᠠ 9 ᠰᠠᠷ᠎ᠠ ᠶᠢᠨ 4 ᠤ ᠡᠳᠦᠷ ᠪᠣᠯᠲᠠᠯ᠎ᠠ᠂ ᠭᠤᠸᠠᠨᠳᠢ ᠪᠠᠯᠭᠠᠰᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠠᠯᠪᠤᠷᠢ ᠪᠠᠭ᠎ᠠ ᠠᠩᠭᠢ ᠶᠢᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠪᠢᠶᠠᠨ ᠯᠸᠢ ᠯᠸᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠠᠩ ᠬᠤᠸᠠ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠶᠣᠣ ᠰᠧ ᠢᠦᠶ ᠵᠡᠷᠭᠡ ᠬᠥᠮᠦᠰ ᠾᠧᠪᠧᠢ ᠮᠤᠵᠢ ᠶᠢᠨ ᠫᠢᠩ ᠴᠢᠤᠸᠠᠨ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠦᠭᠰᠡᠨ ᠪᠥᠭᠡᠳ ᠢᠳᠡᠭᠡᠨ ᠤ ᠮᠥᠭᠦ ᠶᠢᠨ ᠠᠵᠤ ᠦᠢᠯᠡᠰ ᠤᠨ ᠬᠥᠭᠵᠢᠯᠲᠡ ᠶᠢᠨ ᠲᠤᠷᠰᠢᠯᠭ᠎ᠠ ᠶᠢ ᠰᠢᠨᠵᠢᠯᠡᠨ ᠪᠠᠶᠢᠴᠠᠭᠠᠵᠤ ᠰᠤᠷᠤᠯᠴᠠᠪᠠ᠃ ᠰᠠᠯᠪᠤᠷᠢ ᠪᠠᠭ᠎ᠠ ᠠᠩᠭᠢ ᠤᠷᠢᠳ ᠬᠤᠵᠢᠳ ᠤᠯᠤᠰ ᠤᠨ ᠢᠳᠡᠭᠡᠨ ᠤ ᠮᠥᠭᠦ ᠶᠢ ᠰᠠᠶᠢᠵᠢᠷᠠᠭᠤᠯᠬᠤ ᠲᠥᠪ᠂ ᠫᠢᠩ ᠴᠢᠤᠸᠠᠨ ᠤ ᠬᠤᠸᠠ ᠰᠢᠶᠦ᠋ᠨ ᠮᠥᠭᠦ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠾᠧᠪᠸᠢ ᠮᠤᠵᠢ ᠶᠢᠨ ᠢᠳᠡᠭᠡᠨ ᠤ ᠮᠦᠬᠦ ᠶᠢᠨ ᠠᠵᠤ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠫᠢᠩ ᠴᠢᠤᠸᠠᠨ ᠬᠤᠳᠠ ᠶᠢᠨ ᠰᠢ ᠼᠠᠢ ᠬᠡᠷᠡᠭᠯᠡᠭᠡᠨ ᠤ ᠮᠦᠬᠦ ᠶᠢᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠫᠢᠩ ᠴᠢᠤᠸᠠᠨ ᠬᠤᠳᠠ ᠶᠢᠨ ᠢᠳᠡᠭᠡᠨ ᠤ ᠮᠦᠬᠦ ᠶᠢᠨ ᠰᠤᠳᠤᠯᠭᠠᠨ ᠤ ᠨᠡᠶᠢᠭᠡᠮᠯᠢᠭ᠂ ᠵᠦᠩ ᠷᠦᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠪᠠᠢ ᠵᠢᠶᠠ ᠰᠢᠩ ᠢᠳᠡᠭᠡᠨ ᠤ ᠮᠦᠬᠦ ᠶᠢᠨ ᠬᠤᠷᠰᠢᠶ᠎ᠠ᠂ ᠫᠢᠩ ᠴᠢᠤᠸᠠᠨ ᠬᠤᠳᠠ ᠶᠢᠨ ᠰᠢᠩ ᠶᠤᠸᠠᠨ ᠢᠳᠡᠭᠡᠨ ᠤ ᠮᠦᠬᠦ ᠶᠢᠨ ᠲᠤᠰᠬᠠᠢ ᠬᠤᠷᠰᠢᠶ᠎ᠠ ᠵᠡᠷᠭᠡ ᠭᠠᠵᠠᠷ ᠲᠤ ᠬᠦᠷᠴᠦ ᠭᠦᠨᠵᠡᠭᠡᠢ ᠰᠢᠨᠵᠢᠯᠡᠨ ᠪᠠᠶᠢᠴᠠᠭᠠᠯᠲᠠ ᠥᠷᠨᠢᠭᠦᠯᠵᠡᠢ᠃
    ᠭᠤᠸᠠᠨᠳᠢ ᠪᠠᠯᠭᠠᠰᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠠᠯᠪᠤᠷᠢ ᠪᠠᠭ᠎ᠠ ᠠᠩᠭᠢ ᠶᠢᠨ ᠬᠢᠨ ᠡᠯ᠎ᠡ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠭᠦᠨᠵᠡᠭᠡᠶ ᠪᠥᠭᠡᠳ ᠨᠠᠷᠢᠨ ᠨᠢᠮᠪᠠᠶ ᠶᠠᠷᠢᠯᠴᠠᠵᠤ ᠂ ᠢᠳᠡᠭᠡᠨ ᠤ ᠮᠦᠬᠦ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ︽ᠨᠠᠮ ᠤᠨ ᠪᠠᠶᠢᠭᠤᠯᠤᠯᠲᠠ + ᠬᠤᠷᠰᠢᠶ᠎ᠠ + ᠢᠳᠡᠭᠡᠨ ᠤ ᠮᠦᠬᠦ ᠶᠢᠨ ᠺᠣᠮᠫᠠᠨᠢ︾ ᠶᠢᠨ ᠵᠠᠭᠪᠤᠷ ᠤᠨ ᠪᠦᠲᠦᠮᠵᠢᠲᠡᠶ ᠠᠷᠭ᠎ᠠ ᠪᠠ ᠨᠡᠶᠢᠲᠡᠯᠢᠭ ᠲᠤᠷᠰᠢᠯᠭ᠎ᠠ ᠶᠢ ᠭᠤᠣᠯᠳᠠᠯᠭ᠎ᠠ ᠲᠠᠢ  ᠣᠶᠢᠯᠠᠭᠠᠭᠰᠠᠨ ᠤ ᠬᠠᠮᠲᠣ ᠢᠳᠡᠭᠡᠨ ᠤ ᠮᠦᠬᠦ ᠶᠢᠨ ᠦᠷ᠎ᠡ ᠶᠢ ᠪᠤᠶᠢᠵᠢᠭᠤᠯᠬᠤ ᠰᠠᠭᠤᠷᠢᠨ ᠭᠠᠵᠠᠷ᠂ ᠲᠠᠷᠢᠮᠠᠯ ᠤᠨ ᠰᠠᠭᠤᠷᠢᠨ ᠭᠠᠵᠠᠷ᠂ ᠪᠣᠯᠪᠠᠰᠤᠷᠠᠭᠤᠯᠬᠤ ᠲᠠᠰᠤᠭ ᠪᠠ ᠦᠢᠯᠡᠳᠬᠦᠨ ᠢ ᠪᠣᠭᠤᠳᠠᠯᠯᠠᠬᠤ ᠲᠠᠰᠤᠭ ᠲᠤ ᠭᠦᠨᠵᠡᠭᠡᠶᠢᠷᠡᠵᠦ᠂ ᠢᠳᠡᠭᠡᠨ ᠤ ᠮᠦᠬᠦ ᠶᠢᠨ ᠦᠢᠯᠡᠳᠪᠦᠷᠢᠯᠡᠯ ᠤᠨ ᠶᠠᠪᠤᠴᠠ ᠪᠠ ᠮᠡᠷᠭᠡᠵᠢᠯ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠢᠳᠡᠭᠡᠨ ᠤ ᠮᠦᠬᠦ ᠶᠢ ᠪᠤᠶᠢᠵᠢᠭᠤᠯᠬᠤ ᠮᠡᠷᠭᠡᠵᠢᠯ᠂ ᠨᠠᠷᠢᠯᠢᠭ ᠪᠣᠯᠪᠠᠰᠤᠷᠠᠭᠤᠯᠬᠤ ᠪᠠ ᠲᠦᠷᠦ ᠶᠢᠨ ᠪᠤᠳᠤᠯᠭ᠎ᠠ ᠶᠢᠨ ᠳᠡᠮᠵᠢᠯᠭᠡ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ᠂ ᠳᠠᠷᠠᠭᠠᠴᠢ ᠶᠢᠨ ᠠᠯᠬᠤᠮ ᠤᠨ ᠲᠦᠷᠦᠯ ᠵᠦᠢᠯ ᠤᠨ ᠬᠤᠳᠠᠯᠳᠤᠭᠠᠴᠢᠨ ᠤᠷᠢᠬᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠭᠦᠨᠵᠡᠭᠡᠢ ᠶᠠᠷᠢᠯᠴᠠᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号