ᠮᠠᠨ ᠤ ᠣᠷᠣᠨ 11388 ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ 4448.58 ᠲᠦᠮᠡᠨ ᠲᠥᠭᠦᠷᠢᠭ ᠰᠠᠯᠭᠠᠨ ᠥᠭᠪᠡ
ᠨᠡᠶᠢᠲᠡᠯᠡᠭᠰᠡᠨ ᠴᠠᠭ᠄
2021/9/7
    ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ᠂ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠂ ᠮᠠᠨ ᠤ ᠣᠷᠣᠨ ᠨᠢᠭᠡᠨᠲᠡ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ 4448.58 ᠲᠦᠮᠡᠨ ᠲᠥᠭᠦᠷᠢᠭ ᠰᠠᠯᠭᠠᠨ ᠥᠭᠴᠦ᠂ 11388 ᠠᠵᠤ ᠠᠬᠤᠶᠢᠯᠠᠯ᠂ 21.56 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ ᠡᠭᠦᠨ ᠳᠤ ︽ᠭᠤᠶᠤᠴᠢᠯᠠᠯ ᠠᠴᠠ ᠬᠡᠯᠲᠦᠷᠢᠭᠦᠯᠵᠦ ᠰᠢᠭᠤᠳ ᠪᠤᠴᠠᠭᠠᠬᠤ︾ ᠵᠠᠭᠪᠤᠷ ᠢᠶᠠᠷ ᠳᠠᠮᠵᠢᠭᠤᠯᠤᠨ᠂ 11154 ᠠᠵᠤ ᠠᠬᠤᠶᠢᠯᠠᠯ ᠳᠤ 3216.93 ᠲᠦᠮᠡᠨ ᠲᠥᠭᠦᠷᠢᠭ ᠤᠨ ᠪᠠᠯᠠ ᠮᠥᠩᠭᠦ ᠪᠤᠴᠠᠭᠠᠨ ᠥᠭᠴᠦ᠂ 17.13 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ ᠰᠦᠯᠵᠢᠶᠡᠨ ᠳᠡᠭᠡᠷ᠎ᠡ 234 ᠡᠷᠦᠬᠡ ᠭᠤᠶᠤᠴᠢᠯᠠᠨ ᠠᠪᠴᠤ᠂ 1231.65 ᠲᠦᠮᠡᠨ ᠲᠥᠭᠦᠷᠢᠭ ᠤᠨ ᠪᠠᠯᠠ ᠮᠥᠩᠭᠦ ᠪᠤᠴᠠᠭᠠᠨ ᠥᠭᠴᠦ᠂ 4.43 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ ᠪᠤᠰᠤᠳ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ ᠣᠲᠣ ᠶᠠᠭ ᠲᠦᠷᠭᠡᠪᠴᠢᠯᠡᠨ ᠬᠢᠨᠠᠨ ᠬᠠᠷᠭᠤᠭᠤᠯᠵᠤ᠂ ᠲᠠᠷᠬᠠᠭᠠᠵᠤ ᠪᠠᠶᠢᠨ᠎ᠠ᠃     ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠥᠩᠭᠡᠷᠡᠭᠰᠡᠨ ᠤ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠠᠯᠠ ᠮᠥᠩᠭᠦ ᠪᠤᠴᠠᠭᠠᠬᠤ ᠪᠠᠷ ᠭᠤᠶᠤᠴᠢᠯᠠᠨ ᠮᠡᠳᠡᠭᠦᠯᠬᠦ ᠠᠵᠢᠯ ᠤᠨ ᠴᠣᠪᠣᠷᠠᠯ ᠢ ᠦᠭᠡᠷᠡᠴᠢᠯᠡᠵᠦ᠂ ᠪᠦᠬᠦ ᠣᠷᠣᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ︽ᠭᠤᠶᠤᠴᠢᠯᠠᠯ ᠠᠴᠠ ᠬᠡᠯᠲᠦᠷᠢᠭᠦᠯᠵᠦ ᠰᠢᠭᠤᠳ ᠪᠤᠴᠠᠭᠠᠬᠤ︾ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠵᠠᠭᠪᠤᠷ ᠢ ᠨᠡᠭᠡᠭᠡᠵᠦ᠂ ︽ᠠᠵᠤ ᠠᠬᠤᠶᠢᠯᠠᠯ ᠭᠤᠶᠤᠴᠢᠯᠠᠨ ᠮᠡᠳᠡᠭᠦᠯᠬᠦ — ᠰᠠᠯᠠᠭ᠎ᠠ ᠮᠥᠴᠢᠷ ᠬᠢᠨᠠᠨ ᠬᠠᠷᠭᠤᠭᠤᠯᠬᠤ — ᠪᠡᠯᠡ ᠮᠥᠩᠭᠦ ᠲᠠᠷᠬᠠᠭᠠᠬᠤ︾ ᠪᠠᠶᠢᠭᠰᠠᠨ ᠠᠴᠠ ︽ᠲᠥᠷᠥ ᠶᠢᠨ ᠪᠣᠳᠣᠯᠭ᠎ᠠ ᠠᠵᠤ ᠠᠬᠤᠶᠢᠯᠠᠯ ᠢ ᠡᠷᠢᠬᠦ — ᠪᠡᠯᠡ ᠮᠥᠩᠭᠦ ᠲᠠᠷᠬᠠᠭᠠᠬᠤ︾ ᠵᠠᠭᠪᠤᠷ ᠪᠣᠯᠭᠠᠨ ᠰᠢᠯᠢᠳᠡᠭᠵᠢᠭᠦᠯᠵᠦ᠂ 30 ᠬᠥᠮᠦᠨ ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠶᠢᠯᠠᠯ ᠳᠤ ᠠᠷᠤ ᠲᠠᠪᠴᠠᠩ ᠤᠨ ᠲᠤᠭ᠎ᠠ ᠪᠠᠷᠢᠮᠲᠠ ᠶᠢ ᠬᠠᠷᠢᠴᠠᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠳᠡᠭᠡᠷ᠎ᠡ ᠵᠢᠯ ᠤᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠢ ᠭᠦᠢᠴᠡᠳ ᠲᠤᠰᠢᠶᠠᠭᠰᠠᠨ ᠠᠵᠤ ᠠᠬᠤᠶᠢᠯᠠᠯ ᠢ ᠰᠢᠯᠢᠨ ᠰᠣᠩᠭᠤᠵᠤ᠂ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠲᠠᠭᠯᠠᠨ ᠮᠡᠳᠡᠭᠦᠯᠦᠭᠰᠡᠨ ᠲᠠᠩᠰᠨ ᠡᠷᠥᠭᠡ ᠶᠢᠨ ᠮᠡᠳᠡᠭᠡ ᠵᠠᠩᠭᠢ ᠶᠢ ᠣᠯᠵᠤ᠂ ᠳᠡᠭᠡᠷ᠎ᠡ ᠵᠢᠯ ᠤᠨ ᠲᠤᠰᠢᠶᠠᠭᠰᠠᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ 60% ᠶᠢ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ ᠪᠠᠷ ᠠᠵᠤ ᠠᠬᠤᠶᠢᠯᠠᠯ ᠳᠤ ᠰᠢᠭᠤᠳ ᠭᠠᠷᠳᠠᠭᠤᠯᠵᠤ᠂ ᠠᠵᠤ ᠠᠬᠤᠶᠢᠯᠠᠯ ᠭᠤᠶᠤᠴᠢᠯᠠᠬᠤ ᠴᠢᠬᠤᠯᠠ ᠥᠭᠡᠢ ᠪᠣᠯᠭᠠᠪᠠ᠃ ︽ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢᠨ ᠰᠠᠶᠢᠨ ᠢᠶᠠᠷ ᠮᠠᠨ ᠤ ᠪᠠᠴᠢᠮ ᠲᠤᠯᠭᠠᠮ ᠠᠰᠠᠭᠤᠳᠠᠯ ᠢ ᠰᠢᠢᠳᠪᠦᠷᠢᠯᠡᠵᠡᠢ︾ ᠭᠡᠵᠦ ᠥᠪᠥᠷ ᠮᠣᠩᠭᠤᠯ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠳᠣᠭᠳᠣᠯᠤᠨ ᠶᠠᠷᠢᠪᠠ᠃ ᠲᠣᠰ ᠺᠣᠮᠫᠠᠨᠢ ᠨᠢ ᠨᠢᠭᠡᠨ ᠵᠢᠵᠢᠭ ᠪᠢᠴᠢᠯ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠬᠢᠵᠢᠭ ᠤᠨ ᠪᠠᠶᠢᠳᠠᠯ ᠤᠨ ᠨᠥᠯᠥᠭᠡ ᠶᠢ ᠦᠷᠭᠦᠯᠵᠢᠯᠡᠨ ᠭᠥᠷᠳᠡᠵᠦ᠂ ᠡᠵᠡᠩᠨᠡᠯᠲᠡ ᠨᠢ ᠬᠦᠴᠢᠷᠳᠡᠯ ᠲᠠᠢ᠂ ᠬᠥᠭᠵᠢᠯᠲᠡ ᠨᠢ ᠤᠳᠠᠭᠠᠰᠢᠷᠠᠪᠠ᠃ ᠡᠨᠡ ᠵᠢᠯ ᠤᠨ 8 ᠳ᠋ᠤᠭᠠᠷ ᠰᠠᠷ᠎ᠠ ᠳᠤ᠂ ᠺᠣᠮᠫᠠᠨᠢ ᠨᠢ ᠶᠠᠮᠠᠷ ᠴᠤ ᠭᠤᠶᠤᠴᠢᠯᠠᠯ ᠤᠨ ᠮᠠᠲ᠋ᠧᠷᠢᠶᠠᠯ ᠲᠤᠰᠢᠶᠠᠭᠰᠠᠨ ᠥᠬᠡᠶ ᠪᠠᠶᠢᠳᠠᠯ ᠳᠣᠤᠷ᠎ᠠ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ ᠰᠢᠭᠤᠳ ᠲᠠᠩᠰᠨ ᠡᠷᠦᠬᠡ ᠳᠤ ᠨᠢ ᠰᠠᠯᠭᠠᠨ ᠥᠭᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号