2021 ᠣᠨ ᠳᠤ 60 ᠭᠠᠷᠤᠢ ᠪᠣᠬᠢᠷᠳᠤᠯ ᠦᠭᠡᠢ ᠭᠡᠷᠡᠴᠢᠯᠡᠯ᠂ 5 ᠣᠷᠭᠠᠨᠢᠭ ᠭᠡᠷᠡᠴᠢᠯᠡᠯ᠂ 2 ᠨᠠᠷᠠᠲᠤ | ᠣᠨᠴᠠ ᠰᠢᠯᠢᠳᠡᠭ ᠰᠢᠨ᠎ᠡ ᠦᠢᠯᠡᠳᠬᠦᠨ ᠭᠤᠶᠤᠴᠢᠯᠠᠵᠠᠢ᠃ ᠨᠢᠭᠡ ᠳᠤ ᠤᠬᠠᠭᠤᠯᠵᠤ ᠬᠥᠲᠥᠯᠥᠨ ᠵᠢᠯᠤᠭᠤᠳᠬᠤ ᠶᠢ | ᠴᠢᠩᠭᠠᠳᠬᠠᠵᠤ᠂ ᠪᠣᠬᠢᠷᠳᠤᠯ ᠦᠭᠡᠢ ᠳᠠᠷᠢᠬᠤ ᠳᠦᠷᠢᠮ ᠤᠨ ᠳᠡᠪᠲᠡᠷ ᠨᠡᠶᠢᠲᠡ 1000 ᠬᠤᠪᠢ ᠲᠠᠷᠬᠠᠭᠠᠵᠤ᠂ | ᠦᠢᠯᠡᠳᠪᠦᠷᠢᠯᠡᠯ ᠤᠨ ᠲᠡᠮᠳᠡᠭᠯᠡᠯ ᠤᠨ ᠲᠣᠪᠬᠢᠮᠠᠯ ᠢ 1000 ᠬᠤᠪᠢ ᠲᠠᠷᠬᠠᠭᠠᠵᠤ᠂ ᠤᠬᠠᠭᠤᠯᠭ᠎ᠠ ᠶᠢᠨ | ᠬᠠᠭᠤᠳᠠᠰᠤ ᠶᠢ 2000 ᠬᠤᠪᠢ ᠲᠠᠷᠬᠠᠭᠠᠪᠠ᠃ ᠬᠤᠶᠠᠷ ᠲᠤ ᠲᠠᠷᠢᠶᠠᠯᠠᠩ ᠤᠨ ᠪᠦᠲᠦᠭᠡᠭᠳᠡᠬᠦᠨ ᠤ ᠬᠢᠷᠢ | ᠲᠡᠩᠴᠡᠭᠰᠡᠨ ᠦᠨᠡᠮᠯᠡᠯ ᠢ ᠬᠡᠷᠡᠭᠵᠢᠭᠦᠯᠵᠦ᠂ ᠰᠢᠶᠠᠩ ᠪᠠᠯᠭᠠᠰᠤ ᠨᠢᠭᠡᠪᠦᠷᠢ ᠳᠤ 1 ᠲᠤᠰᠬᠠᠢ ᠬᠥᠮᠥᠨ ᠲᠣᠭᠲᠠᠭᠠᠨ | ᠬᠠᠷᠢᠭᠤᠴᠠᠭᠤᠯᠵᠤ᠂ ᠨᠡᠶᠢᠳᠡ 27 ᠠᠵᠤ ᠠᠬᠤᠶᠢᠯᠠᠯ ᠤᠨ ᠬᠤᠷᠰᠢᠶ᠎ᠠ ᠶᠢ ᠰᠣᠩᠭᠤᠨ ᠲᠤᠷᠰᠢᠯᠲᠠ ᠶᠢᠨ ᠴᠡᠭ | ᠪᠣᠯᠭᠠᠪᠠ᠃ ᠭᠤᠷᠪᠠ ᠳᠤ ᠪᠦᠲᠦᠭᠡᠭᠳᠡᠬᠦᠨ ᠤ ᠪᠠᠶᠢᠴᠠᠭᠠᠨ ᠬᠡᠮᠵᠢᠯᠲᠡ ᠶᠢ ᠴᠢᠩᠭᠠᠳᠬᠠᠵᠤ᠂ ᠣᠲᠣ ᠪᠣᠯᠲᠠᠯ᠎ᠠ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠥᠯᠢᠭᠡᠷ ᠠᠪᠴᠤ ᠪᠠᠶᠢᠴᠠᠭᠠᠨ ᠬᠡᠮᠵᠢᠭᠰᠡᠨ ᠲᠤᠭ᠎ᠠ | ᠬᠡᠮᠵᠢᠶ᠎ᠡ ᠨᠢ 574 ᠶᠠᠩᠵᠤ ᠤᠳᠠᠭ᠎ᠠ ᠳᠤ ᠬᠦᠷᠴᠡᠢ᠃ |