ᠯᠢᠨᠰᠢ ᠰᠢᠶᠠᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/1/12
     ᠣᠶᠢᠷ᠎ᠠ ᠳᠤ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠢᠳᠡᠭᠡᠨ ᠤ ᠵᠦᠢᠯ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠮᠦᠷᠳᠡᠨ ᠪᠠᠶᠢᠴᠠᠭᠠᠬᠤ ᠶᠡᠭᠡ ᠠᠩᠭᠢ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠡᠭᠡᠷ᠎ᠡ ᠶᠢᠨ ᠬᠠᠮᠠᠭᠠᠯᠠᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠪᠡ᠃ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠪᠠᠭᠤᠨ ᠤ ᠲᠥᠷᠥᠯ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠶᠡᠭᠡ ᠪᠠᠷ ᠤᠬᠠᠭᠤᠯᠬᠤ ᠶᠢᠨ ᠬᠠᠮᠲᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠮᠢᠶ᠎ᠠ ᠪᠦᠬᠦᠢ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠵᠤ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠣᠷᠢᠯᠠᠨ ᠰᠡᠷᠡᠮᠵᠢᠯᠡᠭᠦᠯᠬᠦ ᠬᠥᠮᠦᠵᠢᠯ ᠬᠢᠵᠦ᠂ ᠥᠷᠭᠡᠨ ᠣᠯᠠᠨ ᠬᠤᠲᠠ ᠶᠢᠨ ᠠᠷᠠᠳ ᠲᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠭᠤᠯᠵᠤ᠂ ᠣᠯᠠᠨ ᠲᠦᠮᠡᠨ ᠤ ᠣᠷᠤᠯᠴᠠᠬᠤ ᠬᠡᠮᠵᠢᠶ᠎ᠡ ᠪᠠ ᠣᠶᠢᠯᠠᠭᠠᠬᠤ ᠨᠣᠷᠮ᠎ᠠ ᠶᠢ  ᠳᠡᠭᠡᠭᠰᠢᠯᠡᠭᠦᠯᠪᠡ᠃ ᠡᠭᠦᠨ ᠤ ᠵᠡᠷᠭᠡ ᠪᠠᠷ᠂ ᠠᠷᠠᠳ ᠤᠨ ᠴᠠᠭᠳᠠᠭ᠎ᠠ ᠬᠠᠷᠢᠶ᠎ᠠ ᠣᠷᠣᠨ ᠤ ᠪᠠᠨ ᠨᠤᠲᠤᠭ ᠤᠨ ᠣᠨᠴᠠ ᠭᠠᠷᠤᠯᠲᠠ ᠶᠢᠨ ᠳᠡᠯᠭᠡᠭᠦᠷ᠂ ᠵᠣᠴᠢᠳ ᠤᠨ ᠪᠠᠭᠤᠳᠠᠯ ᠳᠤ ᠪᠠᠶᠢᠴᠠᠭᠠᠯᠲᠠ ᠬᠢᠵᠦ᠂ ᠬᠤᠳᠠᠯᠳᠤᠭᠠᠨ ᠤ ᠡᠷᠦᠬᠡ ᠶᠢᠨ ᠭᠡᠷᠡᠴᠢ ᠦᠨᠡᠮᠯᠡᠯ ᠤᠨ ᠪᠦᠷᠢᠨ ᠪᠠᠶᠢᠬᠤ ᠡᠰᠡᠬᠦ ᠶᠢ ᠪᠠᠶᠢᠴᠠᠭᠠᠨ᠂ ᠡᠯ᠎ᠡ ᠲᠥᠷᠥᠯ ᠤᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ᠂ ᠬᠤᠳᠠᠯᠳᠤᠬᠤ᠂ ᠡᠳ᠋ᠰᠢᠭᠦᠯᠦᠨ ᠢᠳᠡᠬᠦ ᠶᠢ ᠴᠠᠭᠠᠵᠠᠯᠠᠵᠤ᠂ ᠬᠢᠵᠢᠭ ᠡᠪᠡᠳᠴᠢᠨ ᠤ ᠳᠡᠯᠭᠡᠷᠡᠬᠦ ᠶᠢ  ᠰᠡᠷᠭᠡᠶᠢᠯᠡᠪᠡ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠨ ᠪᠥᠬᠦ ᠨᠡᠶᠢᠭᠡᠮ ᠢᠶᠠᠷ ᠢᠶᠠᠨ ᠬᠡᠭᠡᠷ᠎ᠡ ᠶᠢᠨ ᠠᠮᠢᠲᠠᠨ ᠢ ᠬᠠᠯᠠᠮᠵᠢᠯᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号