ᠯᠢᠨᠰᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠬᠠᠩᠭᠠᠯᠲᠠᠲᠠᠢ ᠪᠠᠶᠢᠨ᠎ᠠ
ᠨᠡᠶᠢᠲᠡᠯᠡᠭᠰᠡᠨ ᠴᠠᠭ᠄
2022/1/5
     ᠮᠠᠨ ᠤ ᠰᠢᠶᠠᠨ ᠡᠯ᠎ᠡ ᠲᠦᠷᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠭᠡᠷᠡᠴᠢᠯᠡᠬᠦ ᠨᠥᠬᠦᠴᠡᠯ ᠳᠤ ᠨᠡᠶᠢᠴᠡᠬᠦ ᠲᠤᠰᠠᠭᠠᠷᠯᠠᠬᠤ ᠲᠠᠯᠠᠪᠤᠷ ᠢ ᠪᠦᠬᠦᠨ ᠢ ᠨᠥᠭᠡᠴᠡᠯᠡᠵᠦ᠂ ᠨᠡᠶᠢᠲᠡ 15 ᠲᠤᠰᠠᠭᠠᠷᠯᠠᠬᠤ ᠲᠠᠯᠠᠪᠤᠷ ᠲᠠᠢ ᠭᠡᠷ᠎ᠡ ᠳᠣᠭᠲᠠᠪᠠ᠃ ᠰᠢᠶᠠᠨ ᠤ ᠳᠣᠲᠣᠷᠠᠬᠢ 11 ᠠᠵᠤ ᠠᠬᠤᠶᠢᠯᠠᠯ ᠲᠠᠢ ᠠᠮᠢᠳᠤᠷᠠᠯ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠬᠡᠯᠡᠯᠴᠡᠭᠡᠷ ᠲᠣᠭᠲᠠᠵᠤ᠂ ᠪᠦᠬᠦ ᠰᠢᠶᠠᠨ ᠤ 30 ᠡᠳᠦᠷ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠬᠠᠩᠭᠠᠯᠭ᠎ᠠ ᠶᠢ  ᠪᠠᠲᠣᠯᠠᠪᠠ᠃ ᠵᠠᠮ ᠬᠠᠷᠢᠯᠴᠠᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠡᠷᠭᠡᠨ ᠠᠩᠭᠢ ᠶᠢ ᠵᠣᠬᠢᠶᠠᠨ ᠪᠠᠶᠢᠭᠤᠯᠵᠤ᠂ 39 ᠠᠴᠢᠶᠠᠨ ᠤ ᠮᠠᠰᠢᠨ᠂ 91 ᠠᠶᠠᠨᠴᠢᠨ ᠤ ᠮᠠᠰᠢᠨ ᠲᠡᠷᠭᠡ ᠲᠠᠢ ᠭᠡᠷ᠎ᠡ  ᠲᠣᠭᠲᠠᠪᠠ᠃ ᠪᠦᠬᠦ ᠰᠢᠶᠠᠨ ᠤ ᠳᠠᠬᠤᠯ ᠡᠪᠡᠳᠴᠢᠨ ᠤ ᠪᠠᠶᠢᠴᠠᠭᠠᠯᠲᠠ ᠶᠢᠨ ᠡᠩᠨᠡᠭᠡ ᠶᠢ 80 ᠬᠥᠮᠥᠨ ᠪᠣᠯᠭᠠᠨ ᠥᠷᠭᠡᠳᠬᠡᠪᠡ᠂ ᠣᠳᠣᠬᠠᠨ ᠳᠤ ᠮᠠᠨ ᠤ ᠰᠢᠶᠠᠨ ᠤ ᠡᠮ ᠡᠮᠨᠡᠯᠭᠡ ᠶᠢᠨ ᠡᠳ᠋ ᠪᠣᠳᠠᠰ ᠨᠢ ᠪᠦᠬᠦ ᠰᠢᠶᠠᠨ ᠤ ᠨᠢᠭᠡ ᠡᠭᠡᠯᠵᠢ ᠶᠢᠨ ᠪᠦᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠬᠡᠷᠡᠭᠴᠡᠭᠡ ᠶᠢ ᠬᠠᠩᠭᠠᠵᠤ ᠳᠡᠶᠢᠯᠦᠨ᠎ᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号