10 ᠰᠠᠷ᠎ᠠ ᠶᠢᠨ 31 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠪᠦᠭᠦ ᠣᠷᠣᠨ ᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︽ᠬᠠᠭᠠᠰ ᠳᠤᠲᠠᠭᠤ | ᠤᠷᠭᠢᠬᠰᠠᠨ︾ ᠪᠠᠷᠢᠯᠭ᠎ᠠ ᠶᠢ ᠲᠥᠷᠥᠯ ᠬᠤᠪᠢᠶᠠᠨ ᠰᠢᠢᠳᠪᠦᠷᠢᠯᠡᠬᠦ ᠵᠢᠯᠤᠭᠤᠳᠬᠤ ᠰᠠᠨᠠᠯ ᠢ ᠰᠤᠳᠤᠯᠵᠤ᠂ ᠪᠦᠭᠦ | ᠣᠷᠣᠨ ᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠡᠨᠡ ᠵᠢᠯ ᠤᠨ ᠡᠴᠦᠰ ᠪᠤᠯᠲᠠᠯ᠎ᠠ ᠪᠦᠭᠦᠨ ᠢ | ᠰᠢᠢᠳᠪᠦᠷᠢᠯᠡᠬᠦ᠂ ︽ᠬᠠᠭᠠᠰ ᠳᠤᠲᠠᠭᠤ ᠤᠷᠭᠢᠬᠰᠠᠨ︾ ᠪᠠᠷᠢᠯᠭ᠎ᠠ ᠶᠢ ᠢᠷᠡᠬᠦ ᠵᠢᠯ ᠤᠨ ᠡᠴᠦᠰ ᠪᠤᠯᠲᠠᠯ᠎ᠠ ᠪᠦᠭᠦᠨ ᠢ | ᠰᠢᠢᠳᠪᠦᠷᠢᠯᠡᠬᠦ ᠬᠠᠷᠠᠯᠲᠠ ᠶᠣᠰᠣᠭᠠᠷ᠂ ᠠᠰᠠᠭᠤᠳᠠᠯ ᠲᠠᠢ ᠲᠥᠷᠥᠯ ᠵᠦᠢᠯ᠂ ᠠᠰᠠᠭᠤᠳᠠᠯ ᠲᠠᠢ ᠪᠠᠷᠢᠯᠭ᠎ᠠ ᠶᠢᠨ | ᠪᠣᠳᠠᠲᠠᠢ ᠰᠢᠯᠲᠠᠭᠠᠨ ᠳᠤ ᠴᠢᠭᠯᠡᠭᠦᠯᠦᠨ᠂ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠵᠦ᠂ ᠭᠠᠷ | ᠭᠦᠢᠴᠡᠳᠬᠡᠯ ᠭᠦᠢᠴᠡᠳᠬᠡᠬᠦ᠂ ᠪᠠᠷᠢᠯᠭ᠎ᠠ ᠶᠢ ᠰᠢᠢᠳᠪᠦᠷᠢᠯᠡᠬᠦ ᠠᠷᠭ᠎ᠠ ᠮᠠᠶ᠋ᠢᠭ ᠪᠠ ᠪᠠᠷᠢᠮᠵᠢᠶ᠎ᠠ ᠶᠢ ᠲᠦᠷᠦᠯ ᠬᠤᠪᠢᠶᠠᠨ | ᠲᠣᠳᠣᠷᠬᠠᠶᠢᠯᠠᠵᠤ᠂ ᠨᠢᠭᠡ ᠪᠦᠯᠦᠭ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠥᠪᠯᠡᠷᠡᠭᠦᠯᠦᠨ | ᠰᠢᠢᠳᠪᠦᠷᠢᠯᠡᠵᠦ᠂ ᠨᠢᠭᠡ ᠪᠦᠯᠦᠭ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠡᠳ᠋ ᠬᠥᠷᠥᠩᠭᠡ ᠶᠢ | ᠱᠠᠯᠠᠪᠳᠠᠭᠤᠯᠤᠨ ᠠᠮᠢᠯᠠᠭᠤᠯᠬᠤ ᠬᠡᠷᠡᠭᠲᠡᠢ᠃ ︽ᠡᠪᠦᠯ ᠤᠨ ᠰᠡᠯᠡᠭᠦᠦ ᠪᠠᠶᠢᠳᠠᠯ︾ ᠢ ︽ᠡᠪᠦᠯ ᠤᠨ ᠶᠠᠭᠠᠷᠠᠤ ᠪᠠᠶᠢᠳᠠᠯ︾ | ᠪᠣᠯᠭᠠᠨ ᠬᠤᠪᠢᠷᠠᠭᠤᠯᠵᠤ᠂ ᠱᠠᠯᠠᠪᠳᠠᠨ ᠬᠢᠵᠦ᠂ ᠠᠬᠢᠴᠠ ᠪᠠᠨ ᠲᠦᠷᠭᠡᠳᠬᠡᠵᠦ᠂ ᠶᠠᠰᠤ ᠴᠢᠨᠠᠷ ᠦᠷ᠎ᠡ ᠪᠦᠲᠦᠮᠵᠢ ᠶᠢ | ᠴᠢᠩᠭ᠎ᠠ ᠠᠳᠬᠤᠵᠤ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢᠨ ᠲᠦᠷᠭᠡᠨ ᠦᠷ᠎ᠡ ᠪᠦᠲᠦᠮᠵᠢ | ᠣᠯᠵᠤ᠂ ᠶᠡᠭᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯ ᠤᠨ | ᠰᠲ᠋ᠣᠺ ᠤᠨ ᠡᠷᠬᠡ ᠪᠤᠯᠭᠠᠵᠤ ᠬᠤᠪᠢᠷᠠᠭᠤᠯᠵᠤ ᠬᠤᠷᠢᠶᠠᠭᠰᠠᠨ ᠵᠡᠷᠭᠡ ᠠᠷᠭ᠎ᠠ ᠭᠡᠯᠪᠡᠷᠢ ᠪᠠᠷ ᠬᠤᠷᠢᠶᠠᠨ ᠠᠪᠤᠭᠰᠠᠨ ᠳ᠋ᠠ | ᠬᠠᠢ ᠮᠢᠶᠣᠣ᠂ ᠴᠠ ᠬᠠ ᠰᠦ᠋᠂ ᠪᠠᠢ ᠵᠢᠶᠠ ᠬᠠᠢ ᠽᠢ ᠠᠭᠤᠷᠬᠠᠢ ᠶᠢᠨ ᠳᠣᠲᠣᠷᠠᠬᠢ 37.56 ᠳ᠋ᠦᠩᠰᠢᠭᠤᠷ ᠲᠣᠨ | ᠨᠡᠭᠦᠷᠡᠰᠦᠨ ᠤ ᠡᠬᠢ ᠪᠠᠶᠠᠯᠢᠭ ᠢ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠺᠤᠮᠫᠠᠨᠢ ᠠᠴᠠ ᠡᠵᠡᠮᠳᠡᠬᠦ | ᠬᠠᠷᠠᠭᠠᠯᠵᠠᠭᠰᠠᠨ ᠰᠲ᠋ᠣᠺ ᠤᠨ ᠡᠷᠬᠡ ᠪᠤᠯᠭᠠᠨ᠎ᠠ︔ ᠬᠠᠢ ᠽᠢ ᠲᠠ ᠠᠭᠤᠷᠬᠠᠢ ᠶᠢᠨ ᠦᠯᠡᠳᠡᠵᠦ ᠪᠠᠶᠢᠭ᠎ᠠ 2.95 | ᠳ᠋ᠦᠩᠰᠢᠭᠤᠷ ᠲᠣᠨ ᠨᠡᠭᠦᠷᠡᠰᠦᠨ ᠤ ᠡᠬᠢ ᠪᠠᠶᠠᠯᠢᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠡᠭᠦᠷᠡᠰᠦᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠪᠦᠯᠦᠭᠯᠡᠯ ᠬᠢᠵᠠᠭᠠᠷᠲᠤ ᠺᠤᠮᠫᠠᠨᠢ ᠠᠴᠠ ᠡᠵᠡᠮᠳᠡᠬᠦ | ᠬᠠᠷᠠᠭᠠᠯᠵᠠᠭᠰᠠᠨ ᠰᠲ᠋ᠣᠺ ᠤᠨ ᠡᠷᠬᠡ ᠪᠤᠯᠭᠠᠵᠤ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ | ᠳᠡᠮᠵᠢᠵᠦ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠢᠨᠠᠨ ᠵᠥᠪᠯᠡᠭᠰᠡᠨ ᠪᠥᠭᠡᠳ | ᠵᠠᠷᠴᠢᠮ ᠳᠡᠭᠡᠷ᠎ᠡ ᠪᠠᠨ ᠵᠥᠪᠰᠢᠶᠡᠷᠡᠵᠡᠢ᠃ | ᠬᠤᠷᠠᠯ ᠠᠴᠠ ᠪᠠᠰᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠬᠡᠮᠵᠢᠯᠲᠡ ᠶᠢᠨ ᠬᠥᠭᠵᠢᠯᠲᠡ | ᠵᠡᠷᠭᠡ ᠲᠥᠯᠦᠪᠵᠢᠭᠦᠯᠭᠡ ᠶᠢᠨ ᠲᠥᠰᠥᠯ ᠪᠣᠯᠣᠨ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠳᠤ ᠵᠠᠰᠠᠪᠤᠷᠢ ᠣᠷᠣᠭᠤᠯᠬᠤ ᠲᠥᠰᠥᠯ ᠢ ᠰᠤᠳᠤᠯᠪᠠ᠃ |