ᠸᠠᠩ ᠯᠢ ᠰᠢᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠴᠢᠷ ᠶᠠᠪᠤᠳᠠᠯ ᠢ ᠨᠢᠭᠡᠳ ᠨᠢᠭᠡ ᠪᠠᠷ ᠠᠰᠠᠭᠤᠨ ᠯᠠᠪᠯᠠᠵᠤ ᠲᠤᠯᠭᠠᠨ ᠰᠢᠢᠳᠪᠦᠷᠢᠯᠡᠭᠦᠯᠬᠦ ᠪᠠᠷ ᠲᠤᠰᠢᠶᠠᠪᠠ
ᠨᠡᠶᠢᠲᠡᠯᠡᠭᠰᠡᠨ ᠴᠠᠭ᠄
2022/11/10
     11 ᠳ᠋ᠦ᠋ᠭᠡᠷ ᠰᠠᠷ᠎ᠠ ᠶᠢᠨ 9 ᠤ ᠡᠳᠦᠷ ᠤᠨ ᠣᠷᠣᠢ᠂ ᠸᠠᠩ ᠯᠢ ᠰᠢᠶᠠ ᠸᠢᠳᠢᠤ᠋ ᠪᠠᠷ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠨᠡᠶᠢᠭᠡᠮ ᠤᠨ ᠲᠠᠯ᠎ᠠ ᠶᠢᠨ ᠡᠪᠡᠳᠴᠢᠨ ᠤ ᠵᠢᠱᠢᠶ᠎ᠡ ᠶᠢ ᠦᠭᠡᠶᠢᠰᠬᠡᠬᠦ ᠬᠠᠷᠠᠯᠲᠠ ᠳᠤ ᠶᠡᠷᠦᠩᠬᠡᠢ ᠳᠣᠪᠲᠤᠯᠤᠯᠲᠠ ᠶᠠᠪᠤᠭᠤᠯᠬᠤ ᠬᠡᠷᠡᠭᠲᠡᠢ᠃ ᠨᠢᠭᠡ ᠳᠤ᠂ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠥᠨᠳᠥᠷ ᠪᠦᠲᠦᠮᠵᠢᠲᠡᠢ ᠬᠠᠮᠢᠶᠠᠷᠤᠯᠲᠠ ᠶᠢ ᠪᠡᠶᠡᠯᠡᠭᠦᠯᠵᠦ᠂ ᠬᠤᠲᠠ ᠶᠢᠨ ᠱᠠᠲᠤᠨ ᠤ ᠤᠳᠤᠷᠢᠳᠤᠯᠭ᠎ᠠ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠶᠢ ᠡᠷᠢᠬᠦ ᠪᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ ᠡᠩᠨᠡᠭᠡ ᠶᠢ ᠰᠢᠭᠤᠳ ᠵᠢᠯᠤᠭᠤᠳᠴᠤ᠂ ᠬᠡᠨ ᠬᠠᠷᠢᠭᠤᠴᠠᠪᠠᠯ ᠬᠡᠨ ᠲᠣᠬᠢᠷᠠᠭᠤᠯᠵᠤ᠂ ᠬᠡᠨ ᠲᠠᠩᠰᠠ ᠲᠤᠰᠢᠶᠠᠬᠤ ᠬᠡᠷᠡᠭᠲᠡᠢ᠃ ᠬᠤᠶᠠᠷ ᠲᠤ᠂ ᠡᠯ᠎ᠡ ᠱᠠᠲᠤᠨ ᠤ ᠺᠠᠳ᠋ᠷᠴᠤᠳ ᠴᠥᠮ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠦᠷᠭᠦᠯᠵᠢ ᠲᠣᠬᠢᠷᠠᠭᠤᠯᠤᠨ ᠨᠠᠶᠢᠳᠠᠪᠤᠷᠢᠵᠢᠭᠤᠯᠬᠤ ᠶᠢ ᠠᠩᠬᠠᠷᠴᠤ᠂ ᠦᠨᠳᠦᠰᠦᠨ ᠪᠠᠶᠢᠳᠠᠯ ᠢ ᠲᠣᠳᠣᠷᠬᠠᠢ ᠡᠵᠡᠮᠰᠢᠬᠦ ᠬᠡᠷᠡᠭᠲᠡᠢ᠃ ᠭᠤᠷᠪᠠ ᠳᠤ᠂ ᠨᠡᠮᠡᠭᠳᠡᠯ ᠢ ᠬᠤᠷᠢᠭᠯᠠᠬᠤ ᠬᠠᠷᠠᠯᠲᠠ ᠶᠢ ᠪᠠᠷᠢᠮᠲᠠᠯᠠᠵᠤ᠂ ᠲᠦᠷᠭᠡᠨ ᠰᠢᠯᠵᠢᠭᠦᠯᠬᠦ᠂ ᠲᠦᠷᠭᠡᠨ ᠲᠤᠰᠠᠭᠠᠷᠯᠠᠬᠤ᠂ ᠲᠦᠷᠭᠡᠨ ᠬᠤᠷᠢᠶᠠᠬᠤ ᠪᠠ ᠲᠦᠷᠭᠡᠨ ᠡᠮᠨᠡᠵᠦ᠂ ᠬᠤᠷᠳᠤᠴᠠ ᠪᠠᠷᠢᠮᠵᠢᠶ᠎ᠠ ᠪᠠᠨ ᠳᠡᠭᠡᠭᠰᠢᠯᠡᠭᠦᠯᠵᠦ ᠡᠯ᠎ᠡ ᠭᠤᠭᠴᠤᠭ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠬᠢᠭᠤᠯᠬᠤ ᠬᠡᠷᠡᠭᠲᠡᠢ᠃ ᠳᠥᠷᠪᠡ ᠳᠤ᠂ ᠨᠡᠶᠢᠭᠡᠮ ᠲᠣᠭᠤᠷᠢᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠲᠤᠰᠠᠭᠠᠷᠯᠠᠬᠤ ᠴᠡᠭ ᠤᠨ ᠬᠠᠮᠢᠶᠠᠷᠤᠯᠲᠠ ᠡᠵᠡᠮᠳᠡᠯ᠂ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠵᠡᠷᠭᠡ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠢᠭᠲᠠ ᠴᠢᠩᠭ᠎ᠠ ᠰᠠᠶᠢᠲᠤᠷ ᠬᠢᠵᠦ᠂ ᠶᠠᠭᠠᠬᠢᠭᠰᠠᠨ ᠴᠤ ᠰᠠᠮᠠᠭᠤᠷᠠᠭᠤᠯᠵᠤ ᠪᠣᠯᠬᠤ ᠦᠭᠡᠢ᠃ ᠲᠠᠪᠤ ᠳᠤ᠂ ᠠᠷᠠᠳ ᠲᠤ ᠳᠦᠬᠦᠮ ᠦᠵᠡᠭᠦᠯᠬᠦ 12345 ᠬᠠᠯᠠᠮᠰᠢᠯ ᠤᠲᠠᠰᠤᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠤᠰᠬᠠᠢ ᠬᠥᠮᠥᠨ ᠲᠤᠰᠬᠠᠢ ᠰᠠᠭᠤᠳᠠᠯ ᠲᠣᠬᠢᠷᠠᠭᠤᠯᠤᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ᠂ ᠠᠵᠢᠯ ᠤᠨ ᠬᠠᠭᠤᠳᠠᠰᠤ ᠶᠢ ᠲᠣᠮᠢᠯᠠᠵᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠳᠤ ᠰᠠᠶᠢᠲᠤᠷ ᠬᠠᠷᠢᠭᠤ ᠥᠭᠴᠦ᠂ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠢᠷᠭᠤᠭ᠎ᠠ ᠳᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠪᠠᠲᠤᠯᠠᠵᠤ᠂ ᠴᠢᠯᠦᠭᠡᠲᠡᠢ ᠲᠠᠯᠪᠢᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠬᠡᠳᠦ ᠳᠡᠯᠭᠡᠭᠦᠷ ᠵᠡᠷᠭᠡ ᠲᠠᠯᠠᠪᠤᠷ ᠤᠨ ᠰᠡᠷᠭᠡᠶᠢᠯᠡᠨ ᠡᠵᠡᠮᠳᠡᠬᠦ᠂ ᠠᠷᠢᠭᠤᠳᠬᠠᠬᠤ᠂ ᠰᠡᠷᠭᠡᠶᠢᠯᠡᠨ ᠬᠠᠮᠠᠭᠠᠯᠠᠬᠤ᠂ ᠡᠳ᠋ ᠪᠣᠳᠠᠰ ᠢ ᠲᠣᠬᠢᠷᠠᠭᠤᠯᠤᠨ ᠬᠦᠷᠭᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠪᠠᠷᠠᠭᠠᠨ ᠤ ᠦᠨ᠎ᠡ ᠶᠢ ᠳᠦᠷᠭᠢᠯᠳᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠬᠠᠤᠯᠢ ᠪᠤᠰᠤ ᠠᠵᠢᠯᠯᠠᠭ᠎ᠠ ᠶᠢ ᠢᠯᠡ ᠪᠠᠷ ᠢᠯᠡᠴᠢᠯᠡᠨ᠂ ᠴᠢᠩᠭ᠎ᠠ ᠴᠣᠬᠢᠯᠲᠠ ᠥᠭᠴᠦ᠂ ᠤᠭᠳᠤ ᠢᠯᠳᠠᠷ ᠬᠠᠶᠠᠵᠤ ᠪᠣᠯᠬᠤ ᠦᠭᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号