ᠥᠪᠡᠷᠲᠡᠭᠡᠨ ᠵᠠᠰᠠᠬᠤ ᠣᠷᠣᠨ ᠠᠴᠠ 1.3 ᠳ᠋ᠦᠩᠰᠢᠭᠤᠷ ᠲᠥᠭᠦᠷᠢᠭ ᠢ ᠪᠠᠴᠢᠮ ᠪᠠᠭᠤᠯᠭᠠᠵᠤ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠵᠡᠷᠭᠡ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2022/11/11
     ᠣᠳᠣᠬᠠᠨ ᠤ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠪᠠᠶᠢᠳᠠᠯ ᠳᠤ ᠴᠢᠭᠯᠡᠭᠦᠯᠦᠨ᠂ ᠨᠡᠶᠢᠭᠡᠮ ᠤᠨ ᠠᠪᠤᠷᠠᠨ ᠲᠡᠩᠬᠡᠷᠡᠭᠦᠯᠵᠦ ᠰᠠᠭᠤᠷᠢ ᠶᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ︽ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠡᠩᠬᠡᠷᠡᠭᠦᠯᠬᠦ 1.3 ᠳ᠋ᠦᠩᠰᠢᠭᠤᠷ ᠲᠥᠭᠦᠷᠢᠭ ᠪᠡᠯᠡ ᠮᠥᠩᠭᠦ ᠶᠢ ᠪᠠᠴᠢᠮ ᠪᠠᠭᠤᠯᠭᠠᠵᠤ᠂ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠵᠡᠷᠭᠡ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ ᠪᠠᠶᠢᠨ᠎ᠠ᠃      ︽ᠮᠡᠳᠡᠭᠳᠡᠯ︾ ᠳᠤ ᠲᠣᠳᠣᠷᠬᠠᠢ ᠲᠣᠭᠲᠠᠭᠠᠭᠰᠠᠨ ᠨᠢ᠂ ᠲᠣᠰ ᠤᠳᠠᠭ᠎ᠠ ᠪᠠᠭᠤᠯᠭᠠᠭᠰᠠᠨ ᠪᠡᠯᠡ ᠮᠥᠩᠭᠦ ᠶᠢ ᠬᠢᠵᠢᠭ ᠭᠠᠮᠰᠢᠭ ᠵᠡᠷᠭᠡ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠡᠩᠬᠡᠷᠡᠭᠦᠯᠬᠦ᠂ ᠪᠠᠴᠢᠮ ᠬᠦᠴᠢᠷᠳᠡᠯ ᠲᠠᠢ ᠨᠡᠶᠢᠭᠡᠮ ᠤᠨ ᠠᠪᠤᠷᠠᠨ ᠲᠤᠰᠠᠯᠠᠯᠲᠠ ᠪᠠ ᠬᠦᠴᠢᠷᠳᠡᠯ ᠲᠠᠢ ᠣᠯᠠᠨ ᠲᠦᠮᠡᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠵᠡᠷᠭᠡ ᠪᠠᠲᠤᠯᠠᠭ᠎ᠠ ᠶᠢᠨ ᠴᠢᠨᠠᠷᠲᠠᠢ ᠵᠠᠷᠤᠯᠭ᠎ᠠ ᠳᠤ ᠨᠢᠭᠡᠳᠦᠯᠲᠡᠢ ᠬᠡᠷᠡᠭᠯᠡᠨ᠎ᠡ ᠭᠡᠵᠡᠢ᠃ ᠡᠭᠦᠨ ᠤ ᠵᠡᠷᠭᠡᠴᠡᠭᠡ ᠪᠠᠷ᠂ ᠡᠯ᠎ᠡ ᠭᠠᠵᠠᠷ ᠤᠨ ᠬᠢᠨ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠶᠢ ᠪᠠᠲᠤᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠠᠪᠤᠷᠠᠪᠠᠰᠤ ᠵᠣᠬᠢᠬᠤ ᠶᠢ ᠨᠢ ᠴᠥᠮ ᠠᠪᠤᠷᠠᠵᠤ᠂ ᠨᠠᠷᠢᠯᠢᠭ ᠣᠨᠣᠴᠠᠲᠠᠢ ᠪᠠᠷ ᠠᠪᠤᠷᠠᠨ ᠲᠤᠰᠠᠯᠠᠬᠤ︾ ᠵᠠᠷᠴᠢᠮ ᠢ ᠪᠠᠷᠢᠮᠲᠠᠯᠠᠨ᠂ ᠬᠦᠴᠢᠷᠳᠡᠯᠲᠡᠢ ᠣᠯᠠᠨ ᠲᠦᠮᠡᠨ ᠤ ᠭᠡᠨᠡᠳᠲᠡ ᠶᠢᠨ ᠴᠢᠨᠠᠷᠲᠠᠢ᠂ ᠪᠠᠴᠢᠮ ᠲᠤᠯᠭᠠᠮ᠎ᠠ ᠴᠢᠨᠠᠷᠲᠠᠢ ᠠᠮᠢᠳᠤᠷᠠᠯ ᠤᠨ ᠠᠰᠠᠭᠤᠳᠠᠯ ᠢ ᠥᠨᠳᠥᠷ ᠪᠦᠲᠦᠮᠵᠢᠲᠡᠶ ᠪᠠᠷ ᠲᠣᠬᠢᠲᠠᠢ ᠰᠢᠢᠳᠪᠦᠷᠢᠯᠡᠵᠦ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ ᠲᠦᠮᠡᠨ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠡᠩᠬᠡᠷᠡᠭᠦᠯᠬᠦ ᠵᠡᠷᠭᠡ ᠦᠨᠳᠦᠰᠦᠨ ᠪᠠᠲᠤᠯᠠᠭ᠎ᠠ ᠳᠤ ᠴᠠᠭ ᠲᠤᠬᠠᠢ ᠳᠤ ᠨᠢ ᠬᠠᠮᠤᠷᠤᠭᠤᠯᠬᠤ ᠬᠡᠷᠡᠭᠲᠡᠢ᠃ ᠠᠮᠢᠳᠤᠷᠠᠯ ᠤᠨ ᠬᠦᠨᠳᠦ ᠶᠡᠭᠡ ᠬᠦᠴᠢᠷᠳᠡᠯ ᠳᠤ ᠲᠤᠯᠭᠠᠷᠠᠭᠰᠠᠳ ᠲᠤ᠂ ︽ᠨᠢᠭᠡ ᠬᠡᠷᠡᠭ ᠢ ᠨᠢᠭᠡ ᠵᠥᠪᠯᠡᠬᠦ ᠵᠦᠢᠯ ᠪᠣᠯᠭᠠᠬᠤ︾᠂ ︽ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ ᠠᠪᠬᠤ︾ ᠠᠷᠭ᠎ᠠ ᠮᠠᠶ᠋ᠢᠭ ᠢᠶᠠᠷ ᠠᠪᠤᠷᠠᠨ ᠲᠡᠩᠬᠡᠷᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠠᠪᠤᠷᠠᠨ ᠲᠡᠩᠬᠡᠷᠡᠭᠦᠯᠬᠦ ᠡᠯ᠎ᠡ ᠲᠥᠷᠥᠯ ᠤᠨ ᠪᠠᠲᠤᠯᠠᠭ᠎ᠠ ᠶᠢᠨ ᠪᠡᠯᠡ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠣᠯᠭᠤᠬᠤ ᠬᠡᠷᠡᠭᠲᠡᠢ᠃ ᠪᠠᠷᠠᠭᠠᠨ ᠤ ᠦᠨ᠎ᠡ ᠶᠢᠨ ᠬᠠᠨᠳᠤᠰᠢ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠱᠠᠲᠤᠴᠢ ᠴᠢᠨᠠᠷᠲᠠᠢ ᠪᠠᠷ ᠲᠣᠬᠢᠷᠠᠭᠤᠯᠬᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠥᠮᠥᠨ ᠠᠮᠠ ᠶᠢ ᠣᠯᠭᠤᠬᠤ ᠬᠡᠪᠴᠢᠶᠡᠨ ᠳᠤ ᠬᠠᠮᠤᠷᠤᠭᠤᠯᠬᠤ ᠬᠡᠷᠡᠭᠲᠡᠢ ᠭᠡᠵᠦ ᠱᠠᠭᠠᠷᠳᠠᠪᠠ᠃      ᠡᠯ᠎ᠡ ᠭᠠᠵᠠᠷ ᠤᠨ ᠡᠳ᠋ ᠤᠨ ᠵᠠᠰᠠᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠪᠡᠯᠡ ᠮᠥᠩᠭᠦ ᠶᠢ ᠴᠠᠭ ᠲᠤᠬᠠᠢ ᠳᠤ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠪᠠᠭᠤᠯᠭᠠᠬᠤ ᠬᠡᠷᠡᠭᠲᠡᠢ᠃ ᠶᠠᠳᠠᠭᠤ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠡᠩᠬᠡᠷᠡᠭᠦᠯᠬᠦ ᠨᠥᠬᠦᠪᠦᠷᠢ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠰᠠᠶᠢᠨ ᠶᠠᠪᠤᠳᠠᠯ ᠪᠣᠳᠠᠲᠠᠢ ᠶᠠᠪᠤᠳᠠᠯ ᠢ ᠰᠠᠶᠢᠲᠤᠷ ᠬᠢᠵᠦ ᠠᠷᠠᠳ ᠤᠯᠠᠨ ᠤ ᠰᠡᠳᠬᠢᠯ ᠢ ᠦᠨᠡᠨ ᠬᠦ ᠳᠤᠯᠠᠭᠠᠴᠠᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号