ᠸᠠᠩ ᠯᠢ ᠰᠢᠶᠠ᠄ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠠᠰᠠᠭᠤᠳᠠᠯ ᠢ ᠢᠯᠡᠷᠡᠭᠦᠯᠵᠦ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2022/11/14
     11 ᠳ᠋ᠦ᠋ᠭᠡᠷ ᠰᠠᠷ᠎ᠠ ᠶᠢᠨ 13 ᠤ ᠡᠳᠦᠷ ᠤᠨ ᠣᠷᠣᠢ᠂ ᠸᠠᠩ ᠯᠢ ᠰᠢᠶᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠵᠦ᠂ ᠡᠯ᠎ᠡ ᠭᠤᠭᠴᠤᠭ᠎ᠠ ᠶᠢᠨ ᠨᠠᠷᠢᠯᠢᠭ ᠣᠨᠣᠴᠠᠲᠠᠢ᠂ ᠰᠢᠯᠢᠳᠡᠭ᠂ ᠲᠦᠷᠭᠡᠨ ᠪᠠ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡ ᠳᠤ᠂ ᠳᠣᠷᠣᠭᠰᠢ ᠪᠠᠭᠤᠵᠤ ᠠᠰᠠᠭᠤᠳᠠᠯ ᠢ ᠢᠯᠡᠷᠡᠭᠦᠯᠦᠨ᠂ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠨᠠᠷ ᠬᠤᠰᠢᠭᠤᠴᠢᠯᠠᠨ ᠵᠢᠯᠤᠭᠤᠳᠴᠤ᠂ ᠥᠨᠳᠥᠷ ᠪᠦᠲᠦᠮᠵᠢᠲᠡᠢ ᠪᠠᠷ ᠬᠠᠮᠢᠶᠠᠷᠴᠤ᠂ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠵᠦ᠂ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ︔ ᠠᠰᠠᠭᠤᠳᠠᠯ ᠢ ᠰᠢᠢᠳᠪᠦᠷᠢᠯᠡᠬᠦ ᠳᠤ ᠪᠠᠨ ᠳᠣᠲᠣᠷ᠎ᠠ ᠪᠠᠨ ᠲᠤᠭ᠎ᠠ ᠲᠠᠢ᠂ ᠭᠠᠷ ᠲᠤ ᠪᠠᠨ ᠳᠠᠩᠰᠠ ᠲᠠᠢ᠂ ᠨᠠᠶᠢᠳᠠᠪᠤᠷᠢᠵᠢᠭᠤᠯᠬᠤ ᠳᠤ ᠬᠥᠮᠥᠨ ᠲᠠᠢ ᠪᠠᠶᠢᠬᠤ ᠬᠡᠷᠡᠭᠲᠡᠢ᠂ ᠪᠠᠷᠤᠭᠯᠠᠵᠤ ᠠᠷᠭᠠᠴᠠᠭᠠᠵᠤ ᠪᠣᠯᠬᠤ ᠦᠭᠡᠢ᠃ ᠬᠤᠶᠠᠷ ᠲᠤ᠂ ᠠᠰᠠᠭᠤᠳᠠᠯ ᠢ ᠲᠣᠬᠢᠷᠠᠭᠤᠯᠬᠤ ᠳᠤ ᠪᠠᠨ ᠴᠢᠳᠠᠮᠠᠭᠠᠢ ᠪᠠᠶᠢᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠣᠳᠠᠲᠠᠢ ᠴᠡᠭ ᠪᠠᠶᠢᠷᠢ ᠳᠤ ᠭᠦᠨᠵᠡᠭᠡᠶᠢᠷᠡᠨ ᠠᠩᠬᠠᠷᠬᠤ᠂ ᠬᠠᠪᠰᠤᠷᠬᠤ ᠪᠠ ᠠᠵᠢᠯᠯᠠᠵᠤ᠂ ᠵᠢᠯᠣᠭᠤᠳᠤᠭᠴᠢ ᠪᠣᠯᠬᠤ ᠮᠥᠷᠲᠡᠭᠡᠨ ᠪᠠᠶᠢᠯᠳᠤᠭᠴᠢ ᠪᠣᠯᠬᠤ ᠬᠡᠷᠡᠭᠲᠡᠢ᠂ ᠶᠠᠭᠠᠬᠢᠭᠰᠠᠨ ᠴᠤ ᠠᠵᠢᠭᠯᠠᠭᠴᠢ ᠪᠣᠯᠵᠤ ᠪᠣᠯᠬᠤ ᠦᠭᠡᠢ᠂ ᠬᠡᠯᠡᠭᠰᠡᠨ ᠢᠶᠠᠨ ᠬᠢᠭᠰᠡᠨ ᠢᠶᠠᠷ ᠦᠵᠡᠵᠦ᠂ ᠬᠢᠭᠰᠡᠨ ᠢᠶᠠᠨ ᠰᠠᠶᠢᠲᠤᠷ ᠬᠢᠭᠰᠡᠨ ᠢᠶᠠᠷ ᠦᠵᠡᠵᠦ ᠶᠠᠭᠠᠬᠢᠭᠰᠠᠨ ᠴᠤ ᠪᠣᠯᠬᠤ ᠦᠭᠡᠢ᠃ ᠭᠤᠷᠪᠠ ᠳᠤ᠂ ᠥᠨᠳᠥᠷ ᠦᠷ᠎ᠡ ᠪᠦᠲᠦᠮᠵᠢᠲᠡᠢ ᠪᠠᠷ ᠠᠰᠠᠭᠤᠳᠠᠯ ᠢ ᠰᠢᠢᠳᠪᠦᠷᠢᠯᠡᠵᠦ᠂ ᠠᠵᠢᠯ ᠢᠶᠠᠨ ᠥᠷᠨᠢᠭᠦᠯᠬᠦ ᠳᠤ ︽ᠲᠦᠷᠭᠡᠨ︾ ᠪᠠᠶᠢᠬᠤ ᠶᠢ ᠲᠤᠪᠤᠶᠢᠯᠭᠠᠵᠦ᠂ ᠡᠯ᠎ᠡ ᠭᠤᠭᠴᠤᠭ᠎ᠠ ᠶᠢ ᠵᠠᠢ ᠵᠠᠪᠰᠠᠷ ᠦᠭᠡᠢ ᠵᠣᠯᠭᠠᠭᠤᠯᠵᠤ᠂ ᠥᠨᠳᠥᠷ ᠦᠷ᠎ᠡ ᠪᠦᠲᠦᠮᠵᠢᠲᠡᠢ ᠪᠠᠷ ᠠᠵᠢᠯᠯᠠᠭᠤᠯᠵᠤ᠂ ᠴᠢᠩᠭ᠎ᠠ ᠬᠦᠴᠦᠲᠡᠢ ᠬᠡᠷᠡᠭᠵᠢᠭᠦᠯᠬᠦ ᠬᠡᠷᠡᠭᠲᠡᠢ︔ ᠠᠰᠠᠭᠤᠳᠠᠯ ᠢ ᠰᠢᠢᠳᠪᠦᠷᠢᠯᠡᠬᠦ ᠳᠤ ︽ᠣᠨᠣᠪᠴᠢᠲᠠᠢ︾ ᠪᠠᠶᠢᠬᠤ ᠶᠢ ᠲᠤᠪᠤᠶᠢᠯᠭᠠᠵᠦ᠂ ᠬᠤᠷᠠᠯ ᠳᠡᠭᠡᠷ᠎ᠡ ᠪᠠᠶᠢᠷᠢᠯᠠᠭᠤᠯᠤᠭᠰᠠᠨ᠂ ᠠᠵᠢᠯᠯᠠᠬᠤ ᠳᠤᠭᠤᠶᠢᠯᠠᠩ ᠤᠨ ᠳᠤᠷᠠᠳᠤᠭᠰᠠᠨ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠢᠩᠭ᠎ᠠ ᠠᠩᠬᠠᠷᠤᠨ ᠲᠦᠷᠭᠡᠨ ᠰᠢᠢᠳᠪᠦᠷᠢᠯᠡᠵᠦ᠂ ᠦᠨᠡᠨ ᠬᠦ ᠠᠳᠬᠤᠨ ᠪᠣᠳᠠᠲᠠᠢ ᠪᠠᠷ ᠠᠵᠢᠯᠯᠠᠬᠤ ᠬᠡᠷᠡᠭᠲᠡᠢ᠃ ᠳᠥᠷᠪᠡ ᠳᠤ᠂ ᠠᠰᠠᠭᠤᠳᠠᠯ ᠢ ᠪᠣᠳᠠᠲᠠᠢ ᠪᠠᠷ ᠴᠡᠭᠴᠡᠯᠡᠨ ᠰᠠᠶᠢᠵᠢᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ ᠮᠧᠲᠷ︾ ᠲᠤ ᠠᠩᠬᠠᠷᠤᠯ ᠢᠶᠠᠨ ᠲᠥᠪᠯᠡᠷᠡᠭᠦᠯᠵᠦ᠂ ᠵᠣᠷᠢᠭ ᠢᠶᠠᠨ ᠬᠥᠪᠴᠢᠯᠡᠨ ᠬᠦᠴᠦᠨ ᠢᠶᠠᠨ ᠲᠥᠪᠯᠡᠷᠡᠭᠦᠯᠵᠦ᠂ ᠣᠯᠠᠨ ᠲᠦᠮᠡᠨ ᠢ ᠳᠠᠶᠢᠴᠢᠯᠠᠨ᠂ ᠣᠯᠠᠨ ᠲᠦᠮᠡᠨ ᠳᠤ ᠦᠢᠯᠡᠴᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号