ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/14
     11 ᠰᠠᠷ᠎ᠠ ᠶᠢᠨ 13 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠶᠢᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠪᠤᠨ ᠶᠡᠭᠡ ᠡᠭᠦᠷᠭᠡ ᠶᠢᠨ ᠬᠡᠷᠡᠭᠵᠢᠭᠦᠯᠬᠦ ᠲᠥᠰᠥᠯ ᠪᠣᠯᠣᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠳᠡᠭᠡᠷᠡᠬᠢ ᠠᠵᠢᠯ ᠤᠨ ᠢᠯᠡᠳᠬᠡᠯ ᠪᠣᠯᠣᠨ ᠴᠢᠬᠤᠯᠠ ᠶᠠᠷᠢᠶ᠎ᠠ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂ ᠶᠠᠨ ᠠᠨ ᠤ ᠬᠤᠪᠢᠰᠬᠠᠯ ᠤᠨ ᠳᠤᠷᠠᠰᠬᠠᠯ ᠤᠨ ᠭᠠᠵᠠᠷ ᠲᠤ ᠪᠠᠷᠠᠳᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠱᠠᠨᠰᠢ ᠶᠢᠨ ᠶᠠᠨ ᠠᠨ ᠪᠣᠯᠣᠨ ᠾᠧᠨᠠᠨ ᠤ ᠠᠨᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠪᠦᠭᠦ ᠲᠠᠯ᠎ᠠ︾ ᠶᠢᠨ ᠴᠢᠬᠤᠯᠠ ᠱᠠᠭᠠᠷᠳᠠᠯᠭ᠎ᠠ ᠶᠣᠰᠣᠭᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ︽ᠬᠦᠴᠢᠷ ᠠᠴᠠ ᠠᠶᠤᠬᠤ ᠦᠭᠡᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠨ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠢ ᠮᠡᠷᠡᠶᠢᠨ ᠴᠢᠷᠮᠠᠶᠢᠨ ᠵᠢᠳᠬᠦᠯ ᠴᠢᠷᠮᠠᠶᠢᠯᠭ᠎ᠠ ᠭᠠᠷᠭᠠᠵᠤ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠪᠠ ᠪᠠᠲᠤᠯᠠᠬᠤ ᠥᠨᠳᠥᠷᠴᠡ ᠠᠴᠠ ᠡᠭᠦᠰᠴᠦ᠂ ᠡᠯ᠎ᠡ ᠬᠡᠷᠡᠭᠵᠢᠭᠦᠯᠬᠦ ᠲᠥᠰᠥᠯ ᠢ ᠬᠡᠷᠡᠭᠵᠢᠭᠦᠯᠵᠦ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠡᠷᠡᠭᠵᠢᠭᠦᠯᠬᠦ ᠲᠥᠰᠥᠯ ᠲᠠᠢ ᠬᠠᠷᠭᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠣᠨ ᠤ ᠡᠭᠦᠷᠭᠡ ᠶᠢᠨ ᠨᠠᠷᠢᠨ ᠲᠠᠩᠰᠠ ᠪᠠᠨ ᠲᠣᠳᠣᠷᠬᠠᠶᠢᠯᠠᠨ᠂ ᠱᠠᠯᠠᠪᠳᠠᠨ ᠬᠥᠳᠡᠯᠦᠯᠴᠡᠵᠦ᠂ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠠᠵᠢᠯᠯᠠᠭ᠎ᠠ ᠪᠠ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠲᠤᠬᠠᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠣᠭᠲᠠᠭᠠᠯ ᠤᠳ︾᠂ ︽ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠨᠠᠷᠢᠨ ᠳᠦᠷᠢᠮ︾ ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠦᠯᠦᠭᠰᠡᠨ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠂ ᠮᠤᠵᠢ ᠶᠢᠨ ᠲᠡᠰ ᠤᠨ ᠤᠳᠤᠷᠢᠳᠬᠤ ᠨᠥᠬᠦᠳ ᠲᠦᠷᠦᠭᠦᠯᠡᠨ ᠡᠯ᠎ᠡ ᠵᠦᠢᠯ ᠤᠨ ᠲᠣᠭᠲᠠᠭᠠᠯ ᠱᠠᠭᠠᠷᠳᠠᠯᠭ᠎ᠠ ᠶᠢ ᠵᠢᠷᠤᠮᠯᠠᠵᠤ᠂ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠶᠣᠰᠣ ᠳᠦᠷᠢᠮ ᠢ ᠰᠠᠬᠢᠵᠤ᠂ ᠴᠥᠬᠦᠷᠡᠰᠢ ᠦᠭᠡᠢ ᠪᠠᠷ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠰᠤᠷᠲᠠᠯ ᠢ ᠪᠤᠢ ᠪᠤᠯᠭᠠᠵᠤ᠂ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠵᠢᠱᠢᠶ᠎ᠡ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠢ ᠰᠤᠳᠤᠯᠪᠠ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠭᠦᠳᠡ ᠬᠤᠷᠠᠯ ᠢ 11 ᠰᠠᠷ᠎ᠠ ᠶᠢᠨ 18 ᠤ ᠡᠳᠦᠷ ᠭᠦᠭᠡᠬᠤᠲᠠ ᠳᠤ ᠬᠤᠷᠠᠯᠳᠤᠭᠤᠯᠬᠤ ᠪᠠᠷ ᠲᠣᠭᠲᠠᠵᠤ᠂ ᠭᠤᠣᠯ ᠡᠭᠦᠷᠭᠡ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠭᠦ ᠪᠣᠯᠣᠨ᠎ᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠳᠦᠷᠢᠮ ︵ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠳᠦᠷᠢᠮ ︵ᠵᠠᠰᠠᠪᠤᠷᠢ ᠣᠷᠣᠭᠤᠯᠤᠭᠰᠠᠨ ᠨᠣᠣᠷᠠᠭ︶︾ ᠢ ᠰᠤᠳᠤᠯᠵᠤ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠵᠢᠷᠦᠮᠵᠢᠯᠲᠡ ᠶᠢᠨ ᠪᠠᠶᠢᠭᠤᠯᠤᠯᠲᠠ᠂ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠣᠯᠣᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号