ᠬᠥᠬᠡᠬᠤᠲᠠ ᠴᠢᠬᠤᠯᠠ ᠪᠦᠬᠦᠢ ᠠᠮᠢᠳᠤᠷᠠᠯ ᠤᠨ ᠬᠡᠷᠡᠭᠰᠡᠯ ᠤᠨ ᠬᠡᠪ ᠤᠨ ᠡᠵᠡᠩᠨᠡᠯᠲᠡ ᠶᠢ ᠡᠮᠬᠢ ᠵᠢᠷᠤᠮ ᠲᠠᠢ ᠪᠠᠷ ᠰᠡᠷᠭᠦᠭᠡᠬᠦ ᠪᠠᠷ ᠪᠤᠢ
ᠨᠡᠶᠢᠲᠡᠯᠡᠭᠰᠡᠨ ᠴᠠᠭ᠄
2022/11/3
     ᠰᠤᠷᠪᠤᠯᠵᠢᠯᠠᠭᠴᠢ 11 ᠰᠠᠷ᠎ᠠ ᠶᠢᠨ 2 ᠤᠨ ᠡᠳᠦᠷ ᠤᠨ ᠬᠤᠷᠠᠯᠳᠤᠭᠰᠠᠨ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ︵67 ᠳ᠋ᠤᠭᠠᠷ ᠲᠠᠯᠠᠪᠠᠢ︶ ᠠᠴᠠ ᠣᠶᠢᠯᠠᠭᠠᠭᠰᠠᠨ ᠢᠶᠠᠷ᠂ ᠬᠥᠬᠡᠬᠤᠲᠠ ᠬᠠᠮ ᠳᠡᠯᠭᠡᠭᠦᠷ᠂ ᠳᠥᠭᠦᠮ ᠦᠵᠡᠭᠦᠯᠬᠦ ᠳᠡᠯᠭᠡᠭᠦᠷ ᠵᠡᠷᠭᠡ ᠴᠢᠬᠤᠯᠠ ᠪᠦᠬᠦᠢ ᠠᠮᠢᠳᠤᠷᠠᠯ ᠤᠨ ᠬᠡᠷᠡᠭᠰᠡᠯ ᠤᠨ ᠡᠵᠡᠩᠨᠡᠯᠲᠡ ᠶᠢᠨ ᠭᠠᠵᠠᠷ ᠤᠨ ᠬᠡᠪ ᠤᠨ ᠡᠵᠡᠩᠨᠡᠯᠲᠡ ᠶᠢ ᠠᠯᠬᠤᠮ ᠠᠯᠬᠤᠮ ᠢᠶᠠᠷ ᠰᠡᠷᠭᠦᠭᠡᠬᠦ ᠪᠠᠷ ᠪᠠᠶᠢᠨ᠎ᠠ᠃ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠲᠠᠨ ᠶᠢᠨ ᠯᠦᠩ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠬᠢᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠢᠳᠡᠰᠢᠨ ᠨᠣᠭᠤᠭ᠎ᠠ ᠵᠡᠷᠭᠡ ᠴᠢᠬᠤᠯᠠ ᠪᠦᠬᠦᠢ ᠠᠮᠢᠳᠤᠷᠠᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠦᠨ᠎ᠡ ᠬᠠᠩᠰᠢ ᠶᠢᠨ ᠲᠣᠭᠲᠠᠭᠤᠨ ᠢ ᠪᠠᠲᠤᠯᠠᠵᠤ ᠪᠠᠶᠢᠨ᠎ᠠ᠃ ᠭᠤᠣᠯᠳᠠᠭᠤ ᠳᠣᠣᠷᠠᠬᠢ ᠬᠡᠳᠦᠨ ᠵᠦᠢᠯ ᠤᠨ ᠠᠷᠭ᠎ᠠ ᠬᠡᠮᠵᠢᠶ᠎ᠡ ᠠᠪᠴᠠᠢ᠄      ᠨᠢᠭᠡ ᠳᠤ᠂ ᠢᠳᠡᠰᠢᠨ ᠨᠣᠭᠤᠭ᠎ᠠ ᠶᠢᠨ ᠲᠣᠭᠲᠠᠭᠤᠨ ᠬᠠᠩᠭᠠᠯᠭ᠎ᠠ ᠶᠢ ᠪᠠᠲᠤᠯᠠᠨ᠎ᠠ᠃ ᠬᠥᠬᠡᠬᠤᠲᠠ ᠶᠢᠨ ᠪᠥᠭᠡᠮ ᠢᠶᠠᠷ ᠪᠣᠷᠣᠯᠠᠭᠤᠯᠬᠤ ᠬᠡᠰᠡᠭ ᠵᠠᠬ᠎ᠠ ᠳᠡᠯᠭᠡᠭᠦᠷ ᠢ ᠲᠦᠷ ᠴᠠᠭ ᠬᠠᠮᠢᠶᠠᠷᠤᠨ ᠡᠵᠡᠮᠳᠡᠭᠰᠡᠨ ᠤ ᠳᠠᠷᠠᠭ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠪᠠ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠬᠠᠮᠲᠤᠷᠠᠨ ᠱᠢ ᠴᠢᠤᠸᠠᠨ ᠱᠢ ᠮᠸᠢ ᠺᠣᠮᠫᠠᠨᠢ ᠶᠢᠨ ᠱᠢ ᠶᠠᠩ ᠴᠢᠶᠤᠤ ᠵᠠᠮ᠂ ᠭᠤᠸᠠᠩ ᠮᠢᠩ ᠵᠠᠮ᠂ ᠵᠢᠷᠢᠮ ᠵᠠᠮ ᠪᠠ ᠷᠦ᠋ ᠢ ᠨᠡᠭᠡᠭᠡᠯᠲᠡ ᠶᠢᠨ ᠲᠣᠭᠤᠷᠢᠭ ᠵᠡᠷᠭᠡ 4 ᠬᠤᠶᠠᠳᠤᠭᠠᠷ ᠲᠡᠰ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠵᠠᠯᠭᠠᠭ᠎ᠠ ᠪᠠᠷ ᠨᠡᠭᠡᠭᠡᠵᠦ᠂ ᠸᠠᠨ ᠬᠤᠢ᠂ ᠬᠦᠸᠧ ᠲᠦᠩ᠂ ᠴᠢᠨ ᠨᠦᠩ᠂ ᠫᠧᠩ ᠹᠧᠩ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠠᠭ᠎ᠠ ᠬᠠᠩᠭᠠᠬᠤ ᠬᠡᠮᠵᠢᠶ᠎ᠡ ᠶᠢ ᠨᠡᠮᠡᠭᠳᠡᠭᠦᠯᠵᠦ᠂ ᠳ᠋ᠦᠩ ᠸᠠ ᠶᠣᠣ᠂ ᠹᠦ᠋ ᠬᠠᠢ ᠰᠢᠩ ᠵᠡᠷᠭᠡ ᠲᠦᠷ ᠬᠠᠭᠠᠭᠰᠠᠨ ᠵᠠᠬ᠎ᠠ ᠳᠡᠯᠭᠡᠭᠦᠷ ᠤᠨ ᠡᠮᠬᠢ ᠵᠢᠷᠤᠮ ᠲᠠᠢ ᠪᠠᠷ ᠡᠵᠡᠩᠨᠡᠯᠲᠡ ᠪᠠᠨ ᠰᠡᠷᠭᠦᠭᠡᠬᠦ ᠶᠢ ᠠᠬᠢᠭᠤᠯᠵᠤ᠂ ᠲᠣᠮᠣ ᠬᠡᠯᠪᠡᠷᠢ ᠶᠢᠨ ᠬᠡᠯᠬᠢᠶᠡᠲᠦ ᠬᠠᠮ ᠳᠡᠯᠭᠡᠭᠦᠷ ᠪᠠ ᠲᠦᠭᠦᠬᠡᠢ ᠰᠣᠷᠭᠤᠭ ᠢᠳᠡᠭᠡᠨ ᠤ ᠳᠡᠯᠭᠡᠭᠦᠷ ᠤᠨ ᠬᠢᠨ ᠤ ᠥᠪᠡᠷ ᠤᠨ ᠪᠠᠷᠠᠭ᠎ᠠ ᠬᠠᠩᠭᠠᠬᠤ ᠠᠷᠭ᠎ᠠ ᠵᠠᠮ ᠢᠶᠠᠷ ᠢᠶᠠᠨ ᠪᠠᠷᠠᠭ᠎ᠠ ᠣᠷᠣᠭᠤᠯᠬᠤ ᠬᠡᠮᠵᠢᠶ᠎ᠡ ᠪᠠᠨ ᠥᠷᠭᠡᠳᠬᠡᠬᠦ ᠶᠢ ᠵᠣᠬᠢᠶᠠᠨ ᠪᠠᠶᠢᠭᠤᠯᠪᠠ᠃ ᠣᠶᠢᠷ᠎ᠠ ᠶᠢᠨ ᠨᠢᠭᠡ ᠭᠠᠷᠠᠭ ᠲᠤ᠂ ᠬᠥᠬᠡᠬᠤᠲᠠ ᠶᠢᠨ ᠢᠳᠡᠰᠢᠨ ᠨᠣᠭᠤᠭ᠎ᠠ ᠣᠷᠣᠭᠤᠯᠬᠤ ᠬᠡᠮᠵᠢᠶ᠎ᠡ ᠡᠳᠦᠷ ᠪᠦᠷᠢ 900 ᠲᠣᠨ ᠣᠷᠴᠢᠮ ᠳᠤ ᠲᠣᠭᠲᠠᠪᠤᠷᠢᠵᠢᠵᠤ᠂ ᠪᠦᠬᠦ ᠬᠤᠳᠠ ᠶᠢᠨ ᠢᠳᠡᠰᠢᠨ ᠨᠣᠭᠤᠭ᠎ᠠ ᠬᠠᠩᠭᠠᠨ ᠪᠣᠷᠣᠯᠠᠭᠤᠯᠬᠤ ᠶᠡᠷᠦᠩᠬᠡᠢ ᠪᠠᠶᠢᠳᠠᠯ ᠲᠣᠭᠲᠠᠭᠤᠨ ᠪᠠᠶᠢᠨ᠎ᠠ᠃      ᠬᠤᠶᠠᠷ ᠲᠤ᠂ ᠨᠡᠭᠡᠭᠡᠬᠦ ᠶᠣᠰᠣᠲᠠᠢ ᠳᠡᠯᠭᠡᠭᠦᠷ ᠢ ᠪᠦᠬᠦᠨ ᠢ ᠨᠡᠭᠡᠭᠡᠬᠦ ᠶᠢ ᠠᠬᠢᠭᠤᠯᠵᠤ ᠪᠠᠶᠢᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠳᠥᠭᠦᠮ ᠦᠵᠡᠭᠦᠯᠬᠦ ᠳᠡᠯᠭᠡᠭᠦᠷ᠂ ᠵᠡᠭᠡᠯᠢ ᠳᠠᠭᠠᠤ ᠶᠢᠨ ᠢᠳᠡᠰᠢᠨ ᠨᠣᠭᠤᠭᠠᠨ ᠤ ᠳᠡᠯᠭᠡᠭᠦᠷ ᠡᠮᠬᠢ ᠵᠢᠷᠤᠮ ᠲᠠᠢ ᠪᠠᠷ ᠨᠡᠭᠡᠭᠡᠬᠦ ︽ᠴᠠᠭᠠᠨ ᠳᠠᠩᠰᠠ︾ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠶᠢᠨ ᠳᠥᠷᠪᠡᠨ ᠲᠣᠭᠤᠷᠢᠭ ᠤᠨ 800 ᠰᠢᠬᠠᠮ ᠰᠠᠭᠤᠭᠠᠯᠢ ᠠᠷᠠᠳ ᠤᠨ ᠲᠣᠭᠤᠷᠢᠭ ᠤᠨ ᠳᠥᠭᠦᠮ ᠦᠵᠡᠭᠦᠯᠬᠦ ᠳᠡᠯᠭᠡᠭᠦᠷ ᠪᠠ ᠵᠡᠭᠡᠯᠢ ᠳᠠᠭᠠᠤ ᠶᠢᠨ ᠳᠡᠯᠭᠡᠭᠦᠷ ᠢ ᠨᠡᠭᠡᠭᠡᠬᠦ ᠶᠢ ᠠᠬᠢᠭᠤᠯᠵᠤ᠂ ᠲᠣᠬᠢᠷᠠᠭᠤᠯᠤᠨ ᠬᠦᠷᠭᠡᠬᠦ ᠴᠡᠭ ᠢ ᠨᠡᠮᠡᠭᠳᠡᠭᠦᠯᠵᠡᠢ᠃ ᠰᠠᠭᠤᠭᠠᠯᠢ ᠠᠷᠠᠳ ᠤᠨ ᠲᠣᠭᠤᠷᠢᠭ ᠤᠨ ᠲᠦᠭᠰᠢᠭᠦᠷᠢ ᠶᠢᠨ ᠳᠡᠰ ᠪᠠ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ ᠢᠳᠡᠰᠢᠨ ᠨᠣᠭᠤᠭ᠎ᠠ ᠶᠢᠨ ᠬᠠᠩᠭᠠᠯᠭ᠎ᠠ ᠶᠢ ᠲᠥᠷᠥᠯ ᠬᠤᠪᠢᠶᠠᠨ ᠪᠠᠲᠤᠯᠠᠵᠤ᠂ ᠳᠣᠣᠷ᠎ᠠ ᠲᠦᠭᠰᠢᠭᠦᠷᠢᠲᠦ ᠣᠷᠣᠨ ᠪᠦᠰᠡ ᠪᠠ ᠬᠢᠵᠢᠭ ᠦᠭᠡᠢ ᠰᠠᠭᠤᠭᠠᠯᠢ ᠠᠷᠠᠳ ᠤᠨ ᠲᠣᠭᠤᠷᠢᠭ ᠲᠤ ᠰᠠᠭᠤᠭᠠᠯᠢ ᠠᠷᠠᠳ ᠤᠨ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠪᠤᠶᠤ ᠡᠭᠦᠳᠡᠨ ᠳᠡᠯᠭᠡᠭᠦᠷ ᠠᠴᠠ ᠥᠪᠡᠰᠦᠪᠡᠨ ᠭᠠᠷᠭᠠᠨ ᠠᠪᠬᠤ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠨ ᠢᠳᠡᠰᠢᠨ ᠨᠣᠭᠤᠭ᠎ᠠ ᠬᠤᠳᠠᠯᠳᠤᠨ ᠠᠪᠬᠤ ᠶᠢ ᠵᠣᠷᠢᠭᠵᠢᠭᠤᠯᠪᠠ᠃ ᠳᠤᠮᠳᠠ ᠥᠨᠳᠥᠷ ᠲᠦᠭᠰᠢᠭᠦᠷᠢᠲᠦ ᠣᠷᠣᠨ ᠪᠦᠰᠡ ᠳᠤ ᠰᠠᠭᠤᠭᠠᠯᠢ ᠠᠷᠠᠳ ᠤᠨ ᠣᠶᠢᠷ᠎ᠠ ᠬᠤᠪᠢ ᠳᠠᠭᠠᠨ ᠬᠡᠯᠬᠢᠶ᠎ᠡ ᠬᠠᠮ ᠳᠡᠯᠭᠡᠭᠦᠷ ᠪᠠ ᠵᠡᠭᠡᠯᠢ ᠳᠠᠭᠠᠤ ᠡᠭᠦᠳᠡᠨ ᠳᠡᠯᠭᠡᠭᠦᠷ ᠤᠨ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠶᠢᠨ ᠳᠡᠯᠭᠡᠭᠦᠷ ᠠᠴᠠ ᠪᠠᠷᠠᠭ᠎ᠠ ᠬᠤᠳᠠᠯᠳᠤᠨ ᠠᠪᠬᠤ ᠪᠠ ᠢᠳᠡᠰᠢᠨ ᠨᠣᠭᠤᠭ᠎ᠠ ᠵᠡᠷᠭᠡ ᠴᠢᠬᠤᠯᠠ ᠪᠦᠬᠦᠢ ᠠᠮᠢᠳᠤᠷᠠᠯ ᠤᠨ ᠬᠡᠷᠡᠭᠰᠡᠯ ᠢ ᠬᠤᠳᠠᠯᠳᠤᠨ ᠠᠪᠬᠤ ᠶᠢ ᠵᠣᠷᠢᠭᠵᠢᠭᠤᠯᠪᠠ᠃      ᠭᠤᠷᠪᠠ ᠳᠤ᠂ ᠲᠣᠬᠢᠷᠠᠭᠤᠯᠤᠨ ᠬᠦᠷᠭᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠪᠠᠶᠢᠨ᠎ᠠ᠃ ᠲᠠᠪᠴᠠᠩ ᠤᠨ ᠠᠵᠤ ᠠᠬᠤᠶᠢᠯᠠᠯ ᠢ ᠵᠣᠬᠢᠴᠠᠭᠤᠯᠤᠨ ᠰᠦᠯᠵᠢᠶᠡᠨ ᠤ ᠬᠤᠷᠳᠤ ᠪᠠᠨ ᠲᠦᠷᠭᠡᠳᠬᠡᠬᠦ᠂ ᠦᠢᠯᠡᠴᠢᠯᠡᠭᠡ ᠪᠠᠨ ᠰᠠᠶᠢᠵᠢᠷᠠᠭᠤᠯᠬᠤ ᠲᠠᠯ᠎ᠠ ᠶᠢᠨ ᠳᠠᠭᠠᠭᠠᠯᠲᠠ ᠶᠢᠨ ᠴᠢᠳᠠᠪᠤᠷᠢ ᠶᠢ ᠨᠡᠮᠡᠭᠳᠡᠭᠦᠯᠪᠡ᠃ 9 ᠲᠣᠮᠣ ᠬᠡᠯᠪᠡᠷᠢ ᠶᠢᠨ ᠪᠠᠷᠠᠭᠠᠨ ᠤ ᠭᠦᠢᠯᠭᠡᠭᠡ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ ᠢ ᠬᠥᠳᠡᠯᠦᠩᠭᠦᠢ ᠪᠠᠷ ᠲᠠᠨᠢᠯᠴᠠᠭᠤᠯᠤᠨ ᠬᠦᠷᠭᠡᠵᠦ᠂ ᠡᠯᠧᠺᠲᠷᠤᠨ ᠬᠤᠳᠠᠯᠳᠤᠭᠠᠨ ᠤ ᠲᠠᠪᠴᠠᠩ ᠤᠨ ᠵᠠᠬᠢᠶᠠᠯᠠᠭ᠎ᠠ ᠲᠤᠰᠬᠤ᠂ ᠢᠯᠭᠠᠬᠤ ᠪᠠ ᠲᠣᠬᠢᠷᠠᠭᠤᠯᠤᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠪᠡ᠃ ᠢᠳᠡᠰᠢᠨ ᠨᠣᠭᠤᠭ᠎ᠠ ᠶᠢᠨ ᠭᠠᠷᠤᠯᠲᠠ ᠶᠢᠨ ᠣᠷᠣᠨ ᠪᠠ ᠰᠠᠭᠤᠭᠠᠯᠢ ᠠᠷᠠᠳ ᠤᠨ ᠲᠣᠭᠤᠷᠢᠭ ᠤᠨ ᠮᠡᠳᠡᠭᠡ ᠵᠠᠩᠭᠢ ᠶᠢ ᠬᠤᠣᠰ ᠴᠢᠭᠯᠡᠯ ᠢᠶᠠᠷ ᠲᠠᠨᠢᠯᠴᠠᠭᠤᠯᠤᠨ ᠬᠦᠷᠭᠡᠵᠦ᠂ ᠲᠤᠰ ᠭᠠᠵᠠᠷ ᠤᠨ ᠢᠳᠡᠰᠢᠨ ᠨᠣᠭᠤᠭ᠎ᠠ ᠶᠢ ᠰᠢᠭᠤᠳ ᠰᠠᠭᠤᠭᠠᠯᠢ ᠠᠷᠠᠳ ᠤᠨ ᠲᠣᠭᠤᠷᠢᠭ ᠲᠤ ᠬᠠᠩᠭᠠᠬᠤ ᠶᠢ ᠠᠬᠢᠭᠤᠯᠪᠠ᠃ ᠳᠣᠣᠷ᠎ᠠ ᠲᠦᠭᠰᠢᠭᠦᠷᠢᠲᠦ ᠭᠠᠵᠠᠷ ᠣᠷᠣᠨ ᠤ ᠬᠠᠮ ᠳᠡᠯᠭᠡᠭᠦᠷ᠂ ᠲᠦᠷᠭᠡᠨ ᠬᠦᠷᠭᠡᠯᠲᠡ ᠶᠢᠨ ᠠᠵᠢᠯᠲᠠᠨ ᠤ ᠠᠵᠢᠯ ᠤᠨ ᠪᠠᠶᠢᠷᠢ ᠳᠠᠭᠠᠨ ᠪᠤᠴᠠᠬᠤ ᠶᠢ ᠪᠦᠯᠦᠭ ᠤᠳᠠᠭ᠎ᠠ ᠬᠤᠪᠢᠶᠠᠨ ᠵᠣᠬᠢᠴᠠᠭᠤᠯᠵᠤ᠂ ᠬᠠᠩᠭᠠᠯᠭ᠎ᠠ ᠶᠢ ᠪᠠᠲᠤᠯᠠᠬᠤ ᠬᠦᠴᠦᠨ ᠢ ᠲᠡᠭᠦᠯᠳᠡᠷᠵᠢᠭᠦᠯᠪᠡ᠃ 11 ᠬᠡᠯᠬᠢᠶ᠎ᠡ ᠬᠠᠮ ᠳᠡᠯᠭᠡᠭᠦᠷ ᠪᠣᠯᠣᠨ ᠲᠦᠭᠦᠬᠡᠢ ᠰᠢᠨ᠎ᠡ ᠰᠣᠷᠭᠤᠭ ᠢᠳᠡᠭᠡᠨ ᠤ ᠬᠡᠯᠬᠢᠶ᠎ᠡ ᠳᠡᠯᠭᠡᠭᠦᠷ ᠤᠨ ᠣᠶᠢᠷ᠎ᠠ ᠬᠠᠪᠢ ᠳᠠᠭᠠᠨ ᠰᠠᠭᠤᠭᠠᠯᠢ ᠠᠷᠠᠳ ᠤᠨ ᠲᠣᠭᠤᠷᠢᠭ ᠤᠨ ᠲᠣᠬᠢᠷᠠᠭᠤᠯᠤᠨ ᠬᠦᠷᠭᠡᠬᠦ ᠳᠤ ᠣᠷᠤᠯᠴᠠᠬᠤ ᠶᠢ ᠠᠬᠢᠭᠤᠯᠬᠤ ᠶᠢᠨ ᠬᠠᠮᠲᠤ ᠲᠣᠬᠢᠷᠠᠭᠤᠯᠤᠨ ᠬᠦᠷᠭᠡᠬᠦ ᠠᠵᠢᠯᠲᠠᠨ ᠤ ᠦᠢᠯᠡᠴᠢᠯᠡᠭᠡᠨ ᠤ ᠬᠡᠪᠴᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃      ᠳᠥᠷᠪᠡ ᠳᠤ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨ᠎ᠡ ᠬᠠᠩᠰᠢ ᠶᠢᠨ ᠲᠤᠰᠬᠠᠢ ᠬᠠᠤᠯᠢ ᠬᠡᠷᠡᠭᠵᠢᠭᠦᠯᠦᠯᠲᠡ ᠶᠢ ᠱᠠᠯᠠᠪᠳᠠᠭᠤᠯᠤᠨ ᠵᠢᠯᠤᠭᠤᠳᠬᠤ 4 ᠳᠤᠭᠤᠶᠢᠯᠠᠩ ᠪᠠᠶᠢᠭᠤᠯᠵᠤ᠂ ᠡᠳᠦᠷ ᠪᠦᠷᠢ ᠪᠦᠬᠦ ᠬᠤᠲᠠ ᠶᠢᠨ ᠭᠤᠣᠯᠳᠠᠯᠭ᠎ᠠ ᠲᠠᠢ ᠲᠠᠸᠠᠷ ᠤᠨ ᠦᠨ᠎ᠡ ᠬᠠᠩᠰᠢ ᠶᠢᠨ ᠬᠤᠪᠢᠷᠠᠯᠲᠠ ᠬᠠᠨᠳᠤᠰᠢ ᠶᠢ ᠵᠠᠳᠠᠯᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠥᠳᠡᠯᠦᠯ ᠪᠠᠶᠢᠳᠠᠯ᠂ ᠣᠯᠠᠨ ᠲᠦᠮᠡᠨ ᠤ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ᠂ ᠰᠦᠯᠵᠢᠶᠡᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠵᠡᠷᠭᠡ ᠲᠠᠢ ᠤᠶᠠᠯᠳᠤᠭᠤᠯᠤᠨ᠂ ᠦᠨ᠎ᠡ ᠬᠠᠩᠰᠢ ᠬᠡᠳᠦ ᠲᠦᠷᠭᠡᠨ ᠥᠰᠦᠭᠰᠡᠨ ᠲᠠᠸᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠯ ᠬᠢᠬᠦ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠤᠶᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠮᠥᠷᠳᠡᠨ ᠪᠠᠶᠢᠴᠠᠭᠠᠵᠤ᠂ ᠡᠳᠦᠷ ᠪᠦᠷᠢ ᠲᠣᠬᠢᠷᠠᠭᠤᠯᠤᠯᠲᠠ ᠬᠢᠵᠦ᠂ ᠴᠠᠭ ᠲᠤᠬᠠᠢ ᠳᠤᠨᠢ ᠰᠢᠢᠳᠪᠦᠷᠢᠯᠡᠪᠡ᠃ 10 ᠰᠠᠷ᠎ᠠ ᠶᠢᠨ 1 ᠤ ᠡᠳᠦᠷ ᠠᠴᠠ ᠣᠳᠣ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 9443 ᠬᠥᠮᠥᠨ ᠤᠳᠠᠭ᠎ᠠ ᠬᠥᠳᠡᠯᠭᠡᠵᠦ᠂ ᠡᠯ᠎ᠡ ᠲᠥᠷᠥᠯ ᠤᠨ ᠡᠵᠡᠩᠨᠡᠯᠲᠡ ᠶᠢᠨ ᠬᠤᠳᠠᠯᠳᠤᠭᠠᠨ ᠤ ᠡᠷᠦᠬᠡ ᠶᠢ 10895 ᠪᠠᠶᠢᠴᠠᠭᠠᠵᠤ᠂ ᠲᠤᠬᠠᠢ ᠶᠢᠨ ᠲᠠᠯᠠᠪᠠᠢ ᠳᠤ ᠵᠠᠷᠯᠢᠭᠳᠠᠵᠤ ᠬᠠᠯᠠᠨ ᠰᠠᠶᠢᠵᠢᠷᠠᠭᠤᠯᠬᠤ ᠮᠡᠳᠡᠭᠳᠡᠯ ᠢ 310 ᠭᠠᠷᠤᠢ ᠬᠤᠪᠢ ᠪᠠᠭᠤᠯᠭᠠᠵᠤ᠂ 6 ᠬᠡᠷᠡᠭ ᠢ ᠬᠡᠷᠡᠭ ᠪᠣᠯᠭᠠᠨ ᠳᠠᠩᠰᠠᠯᠠᠵᠤ᠂ ᠰᠢᠳᠬᠡᠨ ᠲᠣᠷᠭᠠᠭᠰᠠᠨ ᠵᠣᠭᠤᠰ 41 ᠲᠦᠮᠡᠨ ᠲᠥᠭᠦᠷᠢᠭ ᠲᠤ ᠬᠦᠷᠴᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号