ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠤ ᠬᠦᠷᠴᠦ ᠲᠤᠬᠠᠢ ᠶᠢᠨ ᠲᠠᠯᠠᠪᠠᠢ ᠳᠤ ᠠᠯᠪᠠᠯᠠᠪᠠ
ᠨᠡᠶᠢᠲᠡᠯᠡᠭᠰᠡᠨ ᠴᠠᠭ᠄
2022/11/4
     11 ᠰᠠᠷ᠎ᠠ ᠶᠢᠨ 3 ᠤ ᠦᠳᠡ ᠶᠢᠨ ᠡᠮᠦᠨ᠎ᠡ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠤ ᠬᠦᠷᠴᠦ ᠲᠤᠬᠠᠢ ᠶᠢᠨ ᠲᠠᠯᠠᠪᠠᠶ ᠳᠤ ᠠᠯᠪᠠᠯᠠᠪᠠ᠃ ᠤᠯᠤᠰ ᠤᠨ ᠠᠵᠢᠯᠯᠠᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ᠂ ᠭᠦᠭᠡᠬᠤᠲᠠ ᠶᠢᠨ ᠬᠢᠨ ᠤ ᠪᠠᠶᠢᠳᠠᠯ ᠤᠨ ᠵᠠᠳᠠᠯᠤᠯᠲᠠ ᠪᠠ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠲᠡᠷᠡ᠂ ᠡᠯ᠎ᠡ ᠲᠠᠯ᠎ᠠ ᠶᠢᠨ ᠪᠠᠶᠢᠳᠠᠯ ᠠᠴᠠ ᠦᠵᠡᠪᠡᠯ᠂ ᠣᠳᠣᠬᠠᠨ ᠤ ᠭᠦᠭᠡᠬᠤᠲᠠ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠰᠡᠷᠭᠡᠶᠢᠯᠡᠨ ᠡᠵᠡᠮᠳᠡᠬᠦ ᠠᠵᠢᠯ ᠢ ᠥᠴᠥᠬᠡᠨ ᠴᠦ ᠰᠤᠯᠠᠷᠠᠭᠤᠯᠵᠤ ᠪᠤᠯᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠵᠢᠯᠤᠭᠤᠳᠬᠤ ᠭᠠᠵᠠᠷ ᠪᠣᠯᠣᠨ ᠭᠦᠭᠡᠬᠤᠲᠠ ᠶᠢᠨ ᠬᠢᠨ ᠠᠷᠠᠳ ᠤᠯᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠢᠭᠡᠨᠲᠡ ᠲᠣᠭᠲᠠᠭᠰᠠᠨ ᠶᠠᠪᠤᠳᠠᠯ ᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠭᠦᠭᠡᠬᠤᠲᠠ ᠶᠢᠨ ᠠᠷᠠᠳ ᠲᠦᠮᠡᠨ ᠳᠤ ᠦᠨᠡᠨ ᠪᠣᠳᠠᠲᠠᠢ ᠦᠷ᠎ᠡ ᠪᠦᠲᠦᠮᠵᠢ ᠶᠢ ᠦᠵᠡᠭᠦᠯᠵᠦ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ᠃      ᠨᠢᠭᠡᠳᠦᠭᠡᠷ ᠲᠤ᠂ ᠭᠦᠭᠡᠬᠤᠲᠠ ᠶᠢᠨ ᠬᠢᠨ ︽ᠬᠠᠮᠢᠶᠠᠷᠬᠤ ᠶᠣᠰᠣᠲᠠᠢ ᠶᠢ ᠨᠢ ᠡᠷᠡᠰ ᠬᠠᠮᠢᠶᠠᠷᠴᠤ᠂ ᠲᠠᠯᠪᠢᠬᠤ ᠶᠣᠰᠣᠲᠠᠢ ᠶᠢ ᠨᠢ ᠡᠮᠬᠢ ᠵᠢᠷᠤᠮ ᠲᠠᠢ ᠪᠠᠷ ᠴᠢᠯᠦᠭᠡᠲᠡᠢ ᠲᠠᠯᠪᠢᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠮᠢᠶᠠᠷᠬᠤ ᠳᠤ ᠥᠨᠴᠥᠭ ᠪᠤᠯᠤᠩ ᠦᠯᠡᠳᠡᠭᠡᠯ ᠦᠭᠡᠢ᠂ ᠪᠦᠭᠦᠨ ᠢ ᠪᠦᠷᠬᠦᠭᠦᠯᠵᠦ᠂ ᠳᠤᠮᠳᠠ ᠥᠨᠳᠥᠷ ᠠᠶᠤᠯ ᠲᠦᠭᠰᠢᠭᠦᠷᠢᠲᠡᠢ ᠭᠠᠵᠠᠷ ᠣᠷᠣᠨ ᠳᠤ ᠭᠤᠣᠯᠳᠠᠭᠤ ︽ᠭᠠᠷᠬᠤ︾ ᠶᠢ ᠬᠠᠮᠢᠶᠠᠷᠴᠤ᠂ ᠳᠣᠣᠷ᠎ᠠ ᠠᠶᠤᠯ ᠲᠦᠭᠰᠢᠭᠦᠷᠢᠲᠡᠢ ᠭᠠᠵᠠᠷ ᠣᠷᠣᠨ ᠳᠤ ᠭᠤᠣᠯᠳᠠᠭᠤ ︽ᠣᠷᠣᠬᠤ︾ ᠶᠢ ᠬᠠᠮᠢᠶᠠᠷᠴᠤ᠂ ᠬᠢᠵᠢᠭ ᠦᠭᠡᠢ ᠰᠠᠭᠤᠭᠠᠯᠢ ᠠᠷᠠᠳ ᠤᠨ ᠲᠣᠭᠤᠷᠢᠭ ᠢ ᠦᠨᠡᠨ ᠬᠦ ᠴᠢᠯᠦᠭᠡᠲᠡᠢ ᠲᠠᠯᠪᠢᠬᠤ ᠬᠡᠷᠡᠭᠲᠡᠢ᠃      ᠬᠤᠶᠠᠳᠤᠭᠠᠷ ᠲᠤ᠂ ︽ᠲᠦᠷᠭᠡᠨ︾ ᠪᠠᠶᠢᠬᠤ ᠶᠢ ᠲᠤᠪᠤᠶᠢᠯᠭᠠᠵᠤ᠂ ᠴᠠᠭ ᠮᠥᠴᠡ ᠲᠠᠢ ᠤᠷᠤᠯᠳᠤᠨ ᠠᠵᠢᠯ ᠢᠶᠠᠨ ᠥᠷᠨᠢᠭᠦᠯᠬᠦ ᠬᠡᠷᠡᠭᠲᠡᠢ᠃ ᠶᠡᠭᠡ ᠰᠤᠷᠭᠠᠭᠤᠯᠢ  ᠶᠢᠨ ᠰᠤᠷᠤᠬᠴᠢᠳ ᠢ ᠨᠤᠲᠤᠭ ᠲᠤᠨᠢ ᠪᠤᠴᠠᠭᠠᠭᠰᠠᠨ ᠤ ᠳᠠᠷᠠᠭ᠎ᠠ ᠨᠢᠭᠡ ᠪᠦᠯᠦᠭ ᠡᠬᠢ ᠪᠠᠶᠠᠯᠢᠭ ᠢ ᠰᠤᠯᠠᠯᠠᠨ ᠭᠠᠷᠭᠠᠪᠠ᠂ ᠲᠦᠷᠭᠡᠨ ᠲᠣᠬᠢᠷᠠᠭᠤᠯᠬᠤ ᠪᠠ ᠡᠷᠭᠢᠯᠳᠦᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠬᠤᠷᠳᠤᠴᠠ ᠶᠢ ᠲᠦᠷᠭᠡᠳᠬᠡᠵᠦ᠂ ᠲᠦᠷᠭᠡᠨ ᠪᠠᠶᠢᠴᠠᠭᠠᠵᠤ ᠭᠠᠷᠭᠠᠬᠤ᠂ ᠲᠦᠷᠭᠡᠨ ᠰᠢᠯᠵᠢᠭᠦᠯᠦᠨ ᠵᠥᠭᠡᠭᠡᠪᠦᠷᠢᠯᠡᠬᠦ᠂ ᠲᠦᠷᠭᠡᠨ ᠡᠮᠨᠡᠨ ᠵᠠᠰᠠᠬᠤ᠂ ᠲᠦᠷᠭᠡᠨ ᠲᠤᠰᠠᠭᠠᠷᠯᠠᠯ ᠠᠴᠠ ᠭᠠᠷᠭᠠᠬᠤ ᠶᠢ ᠪᠡᠶᠡᠯᠡᠭᠦᠯᠬᠦ ᠬᠡᠷᠡᠭᠲᠡᠢ᠃      ᠭᠤᠷᠪᠠᠳᠤᠭᠠᠷ ᠲᠤ᠂ ᠨᠠᠷᠢᠨ ᠵᠦᠢᠯᠡᠰ ᠢᠯᠠᠵᠤ ᠢᠯᠠᠭᠳᠠᠬᠤ ᠶᠢ ᠲᠣᠭᠲᠠᠭᠠᠳᠠᠭ᠂ ᠠᠵᠢᠯᠲᠠᠨ ᠤ ᠲᠤᠰ ᠪᠡᠶ᠎ᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠠᠯᠳᠠᠪᠤᠷᠢᠯᠠᠬᠤ ᠨᠤᠷᠮ᠎ᠠ ᠶᠢ ᠪᠠᠭᠤᠷᠠᠭᠤᠯᠵᠤ᠂ ᠲᠡᠳᠡᠨ ᠤ ᠠᠵᠢᠯ ᠢᠶᠠᠨ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ᠃ ᠰᠠᠭᠠᠲᠠᠵᠤ ᠬᠤᠴᠣᠷᠤᠭᠰᠠᠨ ᠨᠤᠲᠤᠭ ᠲᠠᠭᠠᠨ ᠪᠤᠴᠠᠬᠤ ᠬᠥᠮᠥᠰ ᠲᠤ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠨᠢ ᠰᠢᠯᠢᠳᠡᠭᠵᠢᠭᠦᠯᠦᠨ ᠥᠭᠴᠦ᠂ ᠬᠤᠯᠪᠣᠭᠳᠠᠯ ᠪᠦᠬᠦᠢ ᠭᠠᠷ ᠭᠦᠢᠴᠡᠳᠬᠡᠯ ᠢ ᠨᠢ ᠲᠦᠷᠭᠡᠳᠬᠡᠨ ᠭᠦᠢᠴᠡᠳᠬᠡᠵᠦ᠂ ᠲᠡᠳᠡᠨ ᠢ ᠬᠠᠪᠰᠤᠷᠤᠨ ᠠᠯᠢ ᠲᠦᠷᠭᠡᠨ ᠢᠶᠠᠷ ᠨᠤᠲᠤᠭ ᠲᠤᠨᠢ ᠬᠠᠷᠢᠭᠤᠯᠬᠤ ᠬᠡᠷᠡᠭᠲᠡᠢ᠃      ᠳᠥᠷᠪᠡᠳᠦᠭᠡᠷ ᠲᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠢᠨ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠳᠤ ᠮᠥᠨ ᠬᠦ ᠲᠤᠰᠠᠭᠠᠷᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠯᠳᠠᠪᠤᠷᠢᠯᠠᠯ ᠢ ᠪᠠᠭᠠᠰᠬᠠᠬᠤ ᠬᠡᠷᠡᠭᠲᠡᠢ᠃ ᠬᠢᠵᠢᠭ ᠲᠤ ᠥᠯᠥ ᠬᠠᠯᠳᠠᠪᠤᠷᠢᠯᠠᠭᠳᠠᠭᠰᠠᠨ ᠰᠣᠷᠣᠬᠴᠢ ᠪᠣᠯᠣᠨ ᠲᠤᠰᠠᠭᠠᠷᠯᠠᠬᠤ ᠬᠤᠭᠤᠴᠠᠭ᠎ᠠ ᠨᠢ ᠳᠦᠭᠦᠷᠦᠭᠰᠡᠨ ᠰᠤᠷᠤᠬᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠠᠭᠠᠨ ᠬᠠᠷᠢᠬᠤ ᠠᠵᠢᠯ ᠢ ᠲᠦᠷᠭᠡᠳᠬᠡᠨ ᠠᠬᠢᠭᠤᠯᠵᠤ᠂ ᠰᠤᠷᠭᠠᠭᠤᠯᠢ ᠶᠢᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠠᠷᠢᠯᠭᠠᠬᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ᠃ ᠪᠡᠯᠡᠭᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠂ ᠲᠦᠷᠭᠡᠨ ᠬᠤᠪᠢᠶᠠᠷᠢᠯᠠᠵᠤ ᠂ ᠪᠣᠳᠠᠲᠠᠢ ᠳᠤ ᠨᠠᠶᠢᠳᠠᠪᠤᠷᠢᠵᠢᠭᠤᠯᠵᠤ᠂ ᠭᠠᠢ ᠭᠠᠮᠰᠢᠭ ᠢ ᠵᠠᠪᠰᠢᠵᠤ ᠪᠠᠶᠠᠵᠢᠭᠰᠠᠳ ᠢ ᠬᠠᠤᠯᠢ ᠶᠣᠰᠣᠭᠠᠷ ᠰᠢᠢᠳᠬᠡᠬᠦ ᠬᠡᠷᠡᠭᠲᠡᠢ᠃      ᠲᠠᠪᠤᠳᠤᠭᠠᠷ ᠲᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠪᠠᠨ ᠴᠢᠩᠭᠠᠳᠬᠠᠬᠤ ᠬᠡᠷᠡᠭᠲᠡᠢ᠃ ᠣᠲᠣ ᠨᠢᠭᠡᠨᠲᠡ ᠬᠢᠵᠢᠭ ᠤᠨ ᠪᠠᠶᠢᠳᠠᠯ ᠠᠩᠬ᠎ᠠ ᠡᠭᠦᠰᠦᠭᠰᠡᠨ ᠰᠢᠭ ᠶᠠᠭᠠᠬᠢᠵᠤ ᠠᠷᠭᠠᠴᠠᠭᠠᠬᠤ ᠪᠠᠨ ᠮᠡᠳᠡᠭᠦ ᠦᠭᠡᠢ ᠦᠶ᠎ᠡ ᠪᠢᠰᠢ ᠪᠣᠯᠵᠠᠢ᠂ ᠣᠲᠣ ᠪᠤᠯᠬᠤ ᠳᠤ ᠶᠠᠭᠤ ᠬᠢᠬᠦ᠂ ᠶᠠᠭᠠᠬᠢᠵᠤ ᠬᠢᠬᠦ ᠨᠢ ᠴᠥᠮ ᠲᠣᠳᠣᠷᠬᠠᠢ ᠪᠣᠯᠪᠠ᠃ ᠠᠵᠢᠯ ᠬᠢᠬᠦ ᠦᠭᠡᠢ᠂ ᠠᠵᠢᠯ ᠢᠶᠠᠨ ᠰᠠᠶᠢᠲᠤᠷ ᠬᠢᠬᠦ ᠦᠭᠡᠢ ᠲᠡᠳᠡᠭᠡᠷ ᠺᠠᠳ᠋ᠷ᠂ ᠠᠷᠠᠳ ᠲᠦᠮᠡᠨ ᠪᠠ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ ᠦᠭᠡᠢ ᠲᠡᠳᠡᠭᠡᠷ ᠺᠠᠳ᠋ᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠴᠢᠩᠭ᠎ᠠ ᠵᠠᠯᠬᠠᠭᠠᠨ ᠴᠡᠭᠡᠷᠯᠡᠭᠦᠯᠵᠦ᠂ ᠠᠯᠢ ᠱᠠᠲᠤᠨ ᠤ ᠬᠠᠷᠢᠭᠤᠴᠠᠯᠭ᠎ᠠ ᠪᠠᠶᠢᠪᠠᠯ ᠲᠡᠷᠡ ᠱᠠᠲᠤᠨ ᠤ ᠬᠠᠷᠢᠭᠤᠴᠠᠯᠭ᠎ᠠ ᠶᠢ ᠨᠡᠬᠡᠮᠵᠢᠯᠡᠵᠦ᠂ ᠤᠳᠤᠷᠢᠳᠬᠤ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠢ ᠪᠠᠶᠢᠪᠠᠯ ᠤᠳᠤᠷᠢᠳᠬᠤ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃      ᠵᠢᠷᠭᠤᠳᠤᠭᠠᠷ ᠲᠤ᠂ ᠤᠯᠠᠨ ᠲᠦᠮᠡᠨ ᠤ ᠶᠠᠪᠤᠳᠠᠯ ᠢ ᠰᠠᠶᠢᠲᠤᠷ ᠬᠢᠵᠦ᠂ ᠰᠢᠢᠳᠪᠦᠷᠢᠯᠡᠬᠦ ᠶᠣᠰᠣᠲᠠᠢ ᠬᠦᠴᠢᠷ ᠠᠰᠠᠭᠤᠳᠠᠯ ᠢ ᠡᠷᠬᠡᠪᠰᠢ ᠰᠢᠢᠳᠪᠦᠷᠢᠯᠡᠬᠦ ᠭᠡᠷᠡᠭᠲᠡᠢ︔ ᠲᠣᠳᠣᠷᠬᠠᠢ ᠬᠡᠯᠡᠵᠦ ᠥᠭᠬᠦ ᠴᠢᠬᠤᠯᠠᠲᠠᠢ ᠪᠠᠶᠢᠳᠠᠯ ᠢ ᠦᠨᠡᠨ ᠮᠥᠨ ᠢᠶᠠᠷ ᠨᠢ ᠬᠡᠯᠡᠵᠦ ᠥᠭᠬᠦ ᠭᠡᠷᠡᠭᠲᠡᠢ︔ ᠬᠠᠷᠢᠭᠤᠯᠲᠠ ᠥᠭᠪᠡᠯ ᠵᠣᠬᠢᠬᠤ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ᠃ ᠭᠠᠭᠴᠠ ᠬᠦ ᠠᠷᠠᠳ ᠤᠯᠠᠨ ᠢ ᠪᠦᠯᠬᠦᠮᠳᠡᠭᠦᠯᠵᠦ᠂ ᠡᠯ᠎ᠡ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠪᠠᠯ ᠰᠠᠶ᠋ᠢ ᠬᠢᠵᠢᠭ ᠲᠠᠢ ᠲᠡᠮᠡᠴᠡᠬᠦ ᠲᠡᠮᠡᠴᠡᠯ ᠤᠨ ᠡᠴᠦᠰ ᠤᠨ ᠢᠯᠠᠯᠲᠠ ᠶᠢ ᠣᠯᠵᠤ ᠴᠢᠳᠠᠨ᠎ᠠ ᠭᠡᠪᠡ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠦ ᠱᠤᠸᠠᠩ᠂ ᠪᠦᠦ ᠭᠠᠩ᠂ ᠵᠧᠩ ᠬᠤᠩ ᠹᠠᠨ᠂ ᠢᠦᠢ ᠯᠢ ᠰᠢᠨ᠂ ᠪᠦᠦ ᠰᠢᠶᠠᠨ ᠬᠤᠸᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ ᠰᠦᠨ ᠶᠠᠩ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号