11 ᠰᠠᠷ᠎ᠠ ᠶᠢᠨ 6 ᠤ ᠡᠳᠦᠷ ᠬᠤᠷᠠᠯᠳᠤᠭᠰᠠᠨ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ︵69 ᠳ᠋ᠦ᠋ᠭᠡᠷ ᠲᠠᠯᠠᠪᠠᠢ︶ ᠠᠴᠠ ᠣᠶᠢᠯᠠᠭᠠᠭᠰᠠᠨ ᠢᠶᠠᠷ᠂ | ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠰᠠᠶᠢᠲᠤᠷ | ᠬᠢᠬᠦ ᠶᠢᠨ ᠲᠥᠯᠥᠭᠡ᠂ ᠭᠦᠭᠡᠬᠤᠲᠠ ᠶᠢᠨ ᠬᠢᠨ ︽ᠲᠤᠯᠤᠭᠠᠨ ᠦᠯᠦ ᠪᠤᠯᠬᠤ︾ ᠵᠦᠢᠯ ᠢ ᠳᠤᠷᠠᠳᠤᠨ ᠭᠠᠷᠭᠠᠭᠰᠠᠨ | ᠪᠠᠶᠢᠨ᠎ᠠ᠃ | ᠨᠢᠭᠡ᠂ ᠳᠤᠮᠳᠠ᠂ ᠥᠨᠳᠥᠷ ᠲᠦᠭᠰᠢᠭᠦᠷᠢᠲᠡᠢ ᠣᠷᠣᠨ ᠤ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ | ᠪᠤᠯᠬᠤ ᠦᠭᠡᠢ᠂ ᠡᠷᠬᠡᠪᠰᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠨᠠᠷᠢᠯᠢᠭ ᠣᠨᠣᠴᠠᠲᠠᠢ ᠪᠠᠷ | ᠵᠠᠭᠠᠭᠯᠠᠨ ᠲᠣᠭᠲᠠᠭᠠᠬᠤ ᠬᠡᠷᠡᠭᠲᠡᠢ᠃ ᠰᠤᠳᠤᠯᠤᠨ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠦᠷ᠎ᠡ ᠳ᠋ᠦᠩ ᠢ | ᠦᠨᠳᠦᠰᠦᠯᠡᠨ᠂ ᠠᠶᠤᠯ ᠲᠦᠭᠰᠢᠭᠦᠷᠢ ᠶᠢᠨ ᠣᠷᠣᠨ ᠪᠦᠰᠡ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ | ᠵᠠᠭᠠᠭᠯᠠᠨ ᠲᠣᠭᠲᠠᠭᠠᠵᠤ᠂ ᠠᠰᠠᠷ᠂ ᠤᠷᠤᠴᠠ ᠭᠦᠷᠳᠡᠯ᠎ᠡ ᠨᠠᠷᠢᠯᠢᠭ ᠲᠣᠭᠲᠠᠭᠠᠵᠤ᠂ ᠨᠢᠭᠡ ᠬᠤᠶᠠᠷ ᠡᠪᠡᠳᠴᠢᠨ ᠤ | ᠵᠢᠱᠢᠶ᠎ᠡ ᠭᠠᠷᠤᠭᠰᠠᠨ ᠠᠴᠠ ᠪᠣᠯᠵᠤ ᠪᠦᠬᠦ᠋ᠢᠯᠡ ᠰᠠᠭᠤᠭᠠᠯᠢ ᠠᠷᠠᠳ ᠤᠨ ᠲᠣᠭᠤᠷᠢᠭ ᠢ ᠪᠢᠲᠡᠭᠦᠮᠵᠢᠯᠡᠵᠦ ᠪᠤᠯᠬᠤ | ᠦᠭᠡᠢ᠃ | ᠬᠤᠶᠠᠷ᠂ ᠭᠠᠳᠠᠭᠰᠢ ᠭᠠᠷᠬᠤ ᠶᠢ ᠬᠢᠵᠠᠭᠠᠷᠯᠠᠬᠤ ᠬᠡᠪᠴᠢᠶ᠎ᠡ ᠶᠢ ᠳᠤᠮᠳᠠ᠂ ᠥᠨᠳᠥᠷ ᠲᠦᠭᠰᠢᠭᠦᠷᠢᠲᠡᠢ | ᠣᠷᠣᠨ ᠠᠴᠠ ᠳᠣᠣᠷ᠎ᠠ ᠲᠦᠭᠰᠢᠭᠦᠷᠢᠲᠡᠢ ᠰᠠᠭᠤᠭᠠᠯᠢ ᠠᠷᠠᠳ ᠤᠨ ᠲᠣᠭᠤᠷᠢᠭ ᠪᠠ ᠬᠢᠵᠢᠭ ᠦᠭᠡᠢ ᠰᠠᠭᠤᠭᠠᠯᠢ | ᠠᠷᠠᠳ ᠤᠨ ᠲᠣᠭᠤᠷᠢᠭ ᠭᠦᠷᠲᠡᠯ᠎ᠡ ᠳᠤᠷ᠎ᠠ ᠪᠠᠷ ᠢᠶᠠᠨ ᠥᠷᠭᠡᠳᠬᠡᠵᠦ ᠪᠤᠯᠬᠤ ᠦᠭᠡᠢ᠂ ᠡᠷᠬᠡᠪᠰᠢ ᠰᠠᠶᠢᠲᠤᠷ | ᠬᠠᠮᠢᠶᠠᠷᠴᠤ᠂ ᠡᠮᠬᠢ ᠵᠢᠷᠤᠮ ᠲᠠᠢ ᠲᠠᠯᠪᠢᠬᠤ ᠬᠡᠷᠡᠭᠲᠡᠢ᠃ ᠥᠨᠳᠥᠷ ᠲᠦᠭᠰᠢᠭᠦᠷᠢᠲᠡᠢ ᠣᠷᠣᠨ ᠳᠤ ᠪᠢᠲᠡᠭᠦᠮᠵᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ︽ᠭᠡᠷ ᠠᠴᠠ ᠪᠠᠨ ᠭᠠᠷᠬᠤ ᠦᠭᠡᠢ᠂ ᠭᠡᠷ ᠲᠤᠨᠢ ᠬᠦᠷᠴᠦ | ᠦᠢᠯᠡᠴᠢᠯᠡᠬᠦ︾ ᠶᠢ ᠪᠡᠶᠡᠯᠡᠭᠦᠯᠬᠦ ᠬᠡᠷᠡᠭᠲᠡᠢ᠃ ᠳᠤᠮᠳᠠ ᠲᠦᠭᠰᠢᠭᠦᠷᠢᠲᠡᠢ ᠣᠷᠣᠨ ᠳᠤ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ︽ᠬᠥᠮᠥᠨ ᠨᠢ ᠰᠠᠭᠤᠭᠠᠯᠢ ᠠᠷᠠᠳ ᠤᠨ ᠲᠣᠭᠤᠷᠢᠭ ᠠᠴᠠ ᠪᠠᠨ ᠭᠠᠷᠬᠤ | ᠦᠭᠡᠢ᠂ ᠴᠠᠭ ᠰᠤᠯᠪᠢᠴᠠᠨ ᠶᠠᠭᠤᠮ᠎ᠠ ᠬᠡᠦᠮ᠎ᠡ ᠠᠪᠬᠤ︾ ᠶᠢ ᠪᠡᠶᠡᠯᠡᠭᠦᠯᠦᠨ᠎ᠡ︔ ᠰᠠᠭᠤᠭᠠᠯᠢ ᠠᠷᠠᠳ ᠦᠯᠦ | ᠬᠦᠷᠦᠯᠴᠡᠬᠦ ᠭᠡᠯᠪᠡᠷᠢ ᠪᠠᠷ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠭᠡᠲᠦ ᠳᠡᠯᠭᠡᠭᠦᠷ᠂ ᠲᠥᠭᠦᠮ | ᠳᠡᠯᠭᠡᠭᠦᠷ ᠠᠴᠠ ᠶᠠᠭᠤᠮ᠎ᠠ ᠬᠡᠦᠮ᠎ᠡ ᠬᠤᠳᠠᠯᠳᠤᠨ ᠠᠪᠴᠤ ᠪᠣᠯᠣᠨ᠎ᠠ᠃ ᠳᠣᠣᠷ᠎ᠠ ᠲᠦᠭᠰᠢᠭᠦᠷᠢᠲᠡᠢ ᠣᠷᠣᠨ ᠪᠠ ᠬᠢᠵᠢᠭ | ᠦᠭᠡᠢ ᠰᠠᠭᠤᠭᠠᠯᠢ ᠠᠷᠠᠳ ᠤᠨ ᠲᠣᠭᠤᠷᠢᠭ ᠲᠤ ︽ᠬᠤᠪᠢ ᠬᠥᠮᠥᠨ ᠤ ᠬᠠᠮᠠᠭᠠᠯᠠᠯᠲᠠ᠂ ᠴᠤᠭᠯᠠᠷᠠᠬᠤ ᠠᠴᠠ | ᠵᠠᠶᠢᠯᠠᠰᠬᠢᠬᠦ︾ ᠶᠢ ᠭᠡᠷᠡᠭᠵᠢᠭᠦᠯᠦᠨ᠎ᠡ︔ ᠰᠠᠭᠤᠭᠠᠯᠢ ᠠᠷᠠᠳ ᠨᠡᠪᠲᠡᠷᠡᠬᠦ ᠺᠠᠷᠲ ᠢᠶᠠᠷ ᠢᠶᠠᠨ ᠰᠠᠭᠤᠭᠠᠯᠢ ᠠᠷᠠᠳ ᠤᠨ | ᠲᠣᠭᠤᠷᠢᠭ ᠢᠶᠠᠷ ᠣᠷᠣᠵᠤ ᠭᠠᠷᠴᠤ ᠪᠣᠯᠣᠨ᠎ᠠ᠂ ᠴᠢᠬᠤᠯᠠ ᠲᠠᠢ ᠪᠢᠰᠢ ᠪᠣᠯ ᠲᠣᠭᠤᠷᠢᠭ ᠠᠯᠤᠰᠯᠠᠨ ᠶᠠᠪᠤᠵᠤ ᠰᠠᠭᠤᠬᠤ | ᠦᠭᠡᠢ ᠪᠠᠶᠢᠬᠤ ᠬᠡᠷᠡᠭᠲᠡᠢ︔ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ᠂ ᠭᠡᠳᠦ ᠳᠡᠯᠭᠡᠭᠦᠷ ᠡᠮᠬᠢ | ᠵᠢᠷᠤᠮ ᠲᠠᠢ ᠪᠠᠷ ᠡᠵᠡᠩᠨᠡᠯᠲᠡ ᠪᠠᠨ ᠰᠡᠷᠭᠦᠭᠡᠵᠦ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ | ᠬᠡᠷᠡᠭᠴᠡᠭᠡ ᠶᠢ ᠪᠠᠲᠤᠯᠠᠨ᠎ᠠ᠃ ᠰᠠᠭᠤᠭᠠᠯᠢ ᠠᠷᠠᠳ᠂ ᠰᠠᠭᠤᠭᠠᠯᠢ ᠠᠷᠠᠳ ᠤᠨ ᠲᠣᠭᠤᠷᠢᠭ ᠪᠠ ᠡᠯ᠎ᠡ ᠲᠥᠷᠥᠯ ᠤᠨ | ᠲᠠᠯᠠᠪᠤᠷ ᠢᠶᠠᠷ ᠣᠷᠣᠵᠤ ᠭᠠᠷᠬᠤ ᠳᠠᠭᠠᠨ ᠡᠷᠬᠡᠪᠰᠢ ᠺᠣᠳ᠋ ᠰᠢᠷᠪᠢᠭᠦ᠂ ᠪᠡᠶ᠎ᠡ ᠶᠢᠨ ᠬᠠᠯᠠᠭᠤᠨ ᠢᠶᠠᠨ ᠭᠡᠮᠵᠢᠭᠦ᠂ ᠠᠮᠠᠪᠴᠢ | ᠵᠡᠭᠦᠭᠦ᠂ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠭᠤᠷᠪᠠ᠂ ᠡᠯ᠎ᠡ ᠲᠥᠷᠥᠯ ᠤᠨ ᠲᠦᠭᠰᠢᠭᠦᠷᠢᠲᠡᠢ ᠣᠷᠣᠨ ᠤ ᠬᠠᠮᠢᠶᠠᠷᠤᠨ ᠡᠵᠡᠮᠳᠡᠬᠦ ᠴᠠᠭ ᠢ ᠳᠤᠷ᠎ᠠ ᠪᠠᠷ ᠢᠶᠠᠨ | ᠤᠷᠲᠤᠳᠬᠠᠵᠤ ᠪᠤᠯᠬᠤ ᠦᠭᠡᠢ᠂ ᠡᠷᠬᠡᠪᠰᠢ ᠬᠥᠳᠡᠯᠦᠩᠭᠦᠢ ᠪᠠᠷ ᠬᠠᠮᠢᠶᠠᠷᠴᠤ᠂ ᠴᠠᠭ ᠲᠤᠬᠠᠢ ᠳᠤᠨᠢ ᠲᠠᠰ | ᠪᠠᠭᠤᠷᠠᠭᠤᠯᠬᠤ ᠬᠡᠷᠡᠭᠲᠡᠢ᠃ ᠥᠨᠳᠥᠷ ᠲᠦᠭᠰᠢᠭᠦᠷᠢᠲᠡᠢ ᠣᠷᠣᠨ ᠳᠤ ᠵᠠᠯᠭᠠᠭ᠎ᠠ ᠪᠠᠷ 7 ᠡᠳᠦᠷ ᠰᠢᠨ᠎ᠡ ᠪᠠᠷ | ᠨᠡᠮᠡᠭᠳᠡᠭᠰᠡᠨ ᠬᠠᠯᠳᠠᠪᠤᠷᠢᠯᠠᠭᠳᠠᠭᠴᠢ ᠦᠭᠡᠢ ᠮᠥᠷᠲᠡᠭᠡᠨ 7 ᠳ᠋ᠤᠭᠠᠷ ᠡᠳᠦᠷ ᠲᠤ ᠪᠦᠭᠦ ᠠᠷᠠᠳ ᠤᠨ ᠪᠥᠭᠡᠮ | ᠬᠦᠴᠢᠯ ᠤᠨ ᠪᠠᠶᠢᠴᠠᠭᠠᠯᠲᠠ ᠨᠢ ᠴᠥᠮ ᠪᠢᠯᠢᠭ ᠴᠢᠨᠠᠷ ᠢᠯᠡᠷᠡᠭᠰᠡᠨ ᠪᠠᠶᠢᠪᠠᠯ᠂ ᠴᠠᠭ ᠲᠤᠬᠠᠢ ᠳᠤᠨᠢ ᠳᠤᠮᠳᠠ | ᠲᠦᠭᠰᠢᠭᠦᠷᠢᠲᠡᠢ ᠣᠷᠣᠨ ᠪᠣᠯᠭᠠᠨ ᠪᠠᠭᠤᠷᠠᠭᠤᠯᠵᠤ᠂ ᠳᠠᠭᠢᠨ ᠵᠠᠯᠭᠠᠭ᠎ᠠ ᠪᠠᠷ 3 ᠡᠳᠦᠷ ᠰᠢᠨ᠎ᠡ ᠪᠠᠷ ᠨᠡᠮᠡᠭᠳᠡᠭᠰᠡᠨ | ᠬᠠᠯᠳᠠᠪᠤᠷᠢᠯᠠᠭᠳᠠᠭᠴᠢ ᠦᠭᠡᠢ ᠪᠣᠯ ᠴᠠᠭ ᠲᠤᠬᠠᠢ ᠳᠤᠨᠢ ᠳᠣᠣᠷ᠎ᠠ ᠲᠦᠭᠰᠢᠭᠦᠷᠢᠲᠡᠢ ᠣᠷᠣᠨ ᠪᠣᠯᠭᠠᠨ ᠪᠠᠭᠤᠷᠠᠭᠤᠯᠤᠨ᠎ᠠ | ︔ ᠳᠤᠮᠳᠠ ᠲᠦᠭᠰᠢᠭᠦᠷᠢᠲᠡᠢ ᠣᠷᠣᠨ ᠳᠤ ᠵᠠᠯᠭᠠᠭ᠎ᠠ ᠪᠠᠷ 7 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ | ᠦᠭᠡᠢ ᠪᠥᠭᠡᠳ 7 ᠳ᠋ᠤᠭᠠᠷ ᠡᠳᠦᠷ ᠲᠤ ᠪᠦᠭᠦ ᠠᠷᠠᠳ ᠤᠨ ᠪᠥᠭᠡᠮ ᠬᠦᠴᠢᠯ ᠤᠨ ᠪᠠᠶᠢᠴᠠᠭᠠᠯᠲᠠ ᠨᠢ ᠴᠥᠮ ᠪᠢᠯᠢᠭ | ᠴᠢᠨᠠᠷ ᠢᠯᠡᠷᠡᠭᠰᠡᠨ ᠪᠣᠯ ᠴᠠᠭ ᠲᠤᠬᠠᠢ ᠳᠤᠨᠢ ᠳᠣᠣᠷ᠎ᠠ ᠲᠦᠭᠰᠢᠭᠦᠷᠢᠲᠡᠢ ᠣᠷᠣᠨ ᠪᠣᠯᠭᠠᠨ ᠪᠠᠭᠤᠷᠠᠭᠤᠯᠬᠤ ᠬᠡᠷᠡᠭᠲᠡᠢ᠃ | | ᠳᠥᠷᠪᠡ ᠳᠤ᠂ ᠰᠠᠭᠤᠭᠠᠯᠢ ᠠᠷᠠᠳ ᠤᠨ ᠡᠷᠦᠭᠡ ᠶᠢᠨ ᠡᠭᠦᠳᠡ᠂ ᠠᠰᠠᠷ ᠤᠨ ᠤᠷᠤᠴᠠ ᠶᠢᠨ ᠡᠭᠦᠳᠡ᠂ | ᠰᠠᠭᠤᠭᠠᠯᠢ ᠠᠷᠠᠳ ᠤᠨ ᠲᠣᠭᠤᠷᠢᠭ ᠤᠨ ᠡᠭᠦᠳᠡ ᠶᠢ ᠨᠢᠭᠡ ᠯᠡ ᠳᠡᠭᠡᠷ᠎ᠡ ᠬᠠᠭᠠᠵᠤ ᠪᠤᠯᠬᠤ ᠦᠭᠡᠢ᠂ ᠡᠷᠬᠡᠪᠰᠢ | ᠪᠠᠴᠢᠮ ᠪᠠᠶᠢᠳᠠᠯ ᠢ ᠠᠷᠭᠠᠴᠠᠭᠠᠬᠤ ᠵᠠᠮ ᠢ ᠰᠠᠭᠠᠳ ᠦᠭᠡᠢ ᠨᠠᠪᠲᠠᠷᠡᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠪᠦᠭᠦ ᠬᠤᠲᠠ ᠶᠢᠨ ᠳᠤᠮᠳᠠ ᠥᠨᠳᠥᠷ ᠲᠦᠭᠰᠢᠭᠦᠷᠢᠲᠡᠢ | ᠰᠠᠭᠤᠭᠠᠯᠢ ᠠᠷᠠᠳ ᠤᠨ ᠲᠣᠭᠤᠷᠢᠭ ︵ᠲᠣᠰᠬᠤᠨ︶ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠨᠢᠭᠡ ᠡᠭᠡᠯᠵᠢ ᠶᠢᠨ ᠪᠦᠭᠦ ᠲᠠᠯ᠎ᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ | ᠪᠠᠶᠢᠴᠠᠭᠠᠬᠤ ᠠᠵᠢᠯ ᠢ ᠥᠷᠨᠢᠭᠦᠯᠦᠨ᠎ᠡ᠃ ᠨᠢᠭᠡᠴᠢ ᠶᠢᠨ ᠬᠠᠭᠠᠯᠭ᠎ᠠ᠂ ᠲᠤᠰᠠᠭᠠᠷᠯᠠᠬᠤ ᠬᠠᠰᠢᠯᠭ᠎ᠠ ᠶᠢ ᠵᠥᠪᠭᠡᠨ | ᠪᠢᠲᠡᠭᠦᠮᠵᠢᠯᠡᠬᠦ ᠬᠠᠭᠤᠳᠠᠰᠤ ᠨᠠᠭᠠᠬᠤ ᠠᠷᠭ᠎ᠠ ᠮᠠᠶ᠋ᠢᠭ ᠢᠶᠠᠷ ᠪᠢᠲᠡᠭᠦᠮᠵᠢᠯᠡᠵᠦ᠂ ᠡᠭᠦᠳᠡᠨ ᠣᠨᠢᠰᠤ᠂ ᠬᠤᠯᠪᠤᠭᠤᠷ ᠵᠡᠷᠭᠡ | ᠣᠨᠢᠰᠤᠯᠠᠨ ᠪᠢᠲᠡᠭᠦᠮᠵᠢᠯᠡᠬᠦ ᠲᠥᠬᠦᠭᠡᠷᠦᠮᠵᠢ ᠲᠣᠬᠢᠷᠠᠭᠤᠯᠬᠤ ᠶᠢ ᠡᠷᠡᠰ ᠬᠤᠷᠢᠭᠯᠠᠨ᠎ᠠ᠃ ᠡᠭᠦᠨ ᠤ ᠬᠠᠮᠲᠤ 24 | ᠴᠠᠭ ᠢᠶᠠᠷ ᠲᠣᠭᠤᠷᠢᠨ ᠴᠠᠭᠳᠠᠬᠤ ᠵᠢᠵᠢᠭᠦᠷᠯᠡᠨ ᠰᠠᠬᠢᠬᠤ ᠶᠢ ᠲᠣᠬᠢᠷᠠᠭᠤᠯᠬᠤ ᠶᠢᠨ ᠬᠠᠮᠲᠤ᠂ ᠡᠯᠧᠺᠳ᠋ᠷᠣᠨ ᠬᠢᠨᠠᠨ | ᠡᠵᠡᠮᠳᠡᠬᠦ ᠲᠥᠬᠦᠭᠡᠷᠦᠮᠵᠢ ᠶᠢ ᠭᠦᠢᠴᠡᠳ ᠬᠡᠷᠡᠭᠯᠡᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠬᠡᠷᠪᠡ | ᠡᠭᠦᠳᠡ ᠪᠠᠨ ᠣᠨᠢᠰᠤᠯᠠᠭᠰᠠᠨ ᠬᠡᠷᠡᠭ ᠳᠠᠭᠢᠨ ᠭᠠᠷᠪᠠᠯ᠂ ᠥᠷᠭᠡᠨ ᠣᠯᠠᠨ ᠬᠤᠲᠠ ᠶᠢᠨ ᠠᠷᠠᠳ 12345 ᠳᠤ | ᠤᠲᠠᠰᠤᠳᠠᠵᠤ ᠢᠯᠡᠴᠢᠯᠡᠨ ᠮᠡᠳᠡᠭᠦᠯᠵᠦ ᠪᠣᠯᠣᠨ᠎ᠠ᠂ ᠡᠭᠦᠨ ᠢ ᠪᠠᠶᠢᠴᠠᠭᠠᠨ ᠲᠣᠳᠣᠯᠠᠮᠠᠭᠴᠠ ᠬᠠᠮᠢᠶ᠎ᠠ ᠪᠦᠬᠦᠢ | ᠬᠠᠷᠢᠭᠤᠴᠠᠯᠭᠠᠲᠠᠨ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭ ᠪᠤᠯᠭᠠᠵᠤ ᠪᠠᠴᠢᠮ ᠠᠶᠤᠯᠲᠠᠢ ᠬᠦᠨᠳᠦ | ᠡᠪᠡᠳᠴᠢᠨ ᠪᠠ ᠵᠢᠮ᠎ᠡ ᠶᠣᠰᠣᠴᠢ ᠴᠢᠨᠠᠷᠲᠠᠢ ᠪᠠᠷ ᠣᠨᠣᠰᠢᠯᠠᠭᠤᠯᠤᠨ ᠡᠮᠨᠡᠭᠦᠯᠭᠦ ᠴᠢᠬᠤᠯᠠᠲᠠᠢ ᠡᠪᠡᠳᠴᠢᠲᠡᠨ ᠳᠤ | ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠲᠡᠪᠴᠢᠵᠦ ᠪᠤᠯᠬᠤ ᠦᠭᠡᠢ᠂ ᠡᠷᠬᠡᠪᠰᠢ ᠤᠯᠠᠨ ᠲᠦᠮᠡᠨ ᠤ ᠠᠮᠢ ᠨᠠᠰᠤ | ᠡᠷᠡᠭᠦᠯ ᠮᠡᠨᠳᠦ ᠶᠢ ᠪᠦᠭᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ᠃ ᠡᠯ᠎ᠡ ᠵᠡᠭᠡᠯᠢ ᠭᠤᠳᠤᠮᠵᠢ ᠨᠡᠶᠢᠭᠡᠮ | ᠲᠣᠭᠤᠷᠢᠭ ᠤᠨ ᠬᠢᠨ ᠬᠥᠮᠥᠰ ᠤᠨ ᠪᠠᠶᠢᠳᠠᠯ ᠢ ᠣᠶᠢᠯᠠᠭᠠᠬᠤ ᠠᠵᠢᠯ ᠢ ᠨᠠᠷᠢᠨ ᠨᠢᠮᠪᠠᠢ ᠥᠷᠨᠢᠭᠦᠯᠵᠦ᠂ ᠵᠢᠷᠮᠦᠰᠦᠨ | ᠡᠮᠡᠭᠲᠡᠢ ᠬᠥᠩᠭᠡᠵᠢᠭᠰᠡᠨ ᠡᠮᠡᠭᠲᠡᠢ᠂ ᠴᠢᠰᠤ ᠨᠡᠪᠴᠢᠭᠦᠯᠭᠦ ᠵᠠᠰᠠᠯ ᠠᠪᠤᠭᠰᠠᠳ᠂ ᠮᠡᠳᠡᠷᠡᠯ ᠤᠨ ᠡᠪᠡᠳᠴᠢᠲᠡᠨ᠂ | ᠬᠠᠪᠤᠳᠠᠷ ᠤᠨ ᠰᠠᠴᠤᠷᠠᠭ ᠬᠢᠮᠢ ᠶᠢᠨ ᠵᠠᠰᠠᠯ᠂ ᠤᠳᠠᠭᠠᠨ ᠴᠢᠨᠠᠷᠲᠠᠢ ᠡᠪᠡᠳᠴᠢᠲᠡᠨ ᠵᠡᠷᠭᠡ ᠣᠨᠴᠠᠭᠠᠢ ᠬᠥᠮᠥᠰ ᠤᠨ | ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠨᠡᠶᠢᠭᠡᠮ ᠲᠣᠭᠤᠷᠢᠭ ᠬᠢᠭᠡᠳ ᠡᠮᠴᠢᠯᠡᠭᠡᠨ ᠤ | ᠪᠠᠶᠢᠭᠤᠯᠤᠮᠵᠢ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ᠂ ᠳᠡᠭᠡᠷ᠎ᠡ ᠳᠤᠷᠠᠳᠤᠭᠰᠠᠨ ᠣᠨᠴᠠᠭᠠᠢ ᠬᠥᠮᠥᠰ ᠤᠨ | ᠡᠪᠡᠳᠴᠢᠨ ᠦᠵᠡᠭᠦᠯᠭᠦ ᠳᠤ ᠰᠠᠭᠠᠳ ᠦᠭᠡᠢ ᠨᠡᠪᠲᠡᠷᠡᠬᠦ ᠵᠠᠮ ᠢ ᠨᠠᠪᠲᠠᠷᠡᠭᠦᠯᠵᠦ᠂ ᠣᠯᠠᠨ ᠲᠦᠮᠡᠨ ᠤ ᠡᠪᠡᠳᠴᠢᠨ | ᠦᠵᠡᠭᠦᠯᠭᠦ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠪᠠᠲᠤᠯᠠᠬᠤ ᠬᠡᠷᠡᠭᠲᠡᠢ᠃ | ᠵᠢᠷᠭᠤᠭ᠎ᠠ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠥᠴᠥᠬᠡᠨ ᠴᠦ ᠬᠠᠶᠢᠬᠤᠷᠬᠤ | ᠦᠭᠡᠢ᠂ ᠣᠶᠢᠰᠢᠶᠠᠬᠤ ᠦᠭᠡᠢ ᠪᠠᠶᠢᠵᠤ ᠪᠤᠯᠬᠤ ᠦᠭᠡᠢ᠂ ᠡᠷᠬᠡᠪᠰᠢ ᠴᠠᠭ ᠲᠤᠬᠠᠢ ᠳᠤᠨᠢ ᠴᠤᠤᠷᠢᠶᠠᠲᠤᠨ ᠲᠠᠭᠠᠵᠤ᠂ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠠᠢ | ᠤᠶᠠᠯᠳᠤᠭᠤᠯᠤᠨ᠂ ᠣᠳᠣᠬᠠᠨ ᠳᠤ ᠬᠠᠩᠭᠠᠵᠤ ᠳᠡᠶᠢᠯᠭᠦ ᠭᠤᠮᠣᠳᠠᠯ ᠱᠠᠭᠠᠷᠳᠠᠯᠭ᠎ᠠ ᠶᠢᠨ ᠲᠤᠬᠠᠢ ᠣᠯᠣᠯᠴᠠᠭ᠎ᠠ | ᠵᠣᠬᠢᠴᠠᠭᠤᠯᠭ᠎ᠠ ᠪᠠᠨ ᠴᠢᠩᠭᠠᠳᠬᠠᠵᠤ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠢ ᠬᠠᠪᠰᠤᠷᠤᠨ | ᠪᠣᠳᠠᠲᠠᠢ ᠭᠠᠵᠠᠷ ᠲᠤᠨᠢ ᠰᠢᠢᠳᠪᠦᠷᠢᠯᠡᠵᠦ ᠥᠭᠬᠦ ᠭᠡᠷᠡᠭᠲᠡᠢ︔ ᠠᠪᠤᠨ ᠳᠣᠣᠷ᠎ᠠ ᠪᠠᠨ ᠬᠠᠩᠭᠠᠬᠤ ᠳᠤ | ᠬᠦᠴᠢᠷᠲᠡᠢ ᠶᠢ ᠨᠢ ᠲᠠᠶᠢᠯᠪᠤᠷᠢᠯᠠᠨ ᠲᠣᠳᠣᠷᠬᠠᠶᠢᠯᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠤᠯᠠᠨ | ᠲᠦᠮᠡᠨ ᠳᠤ ᠣᠶᠢᠯᠠᠭᠠᠭᠤᠯᠬᠤ ᠪᠠᠷ ᠴᠢᠷᠮᠠᠶᠢᠬᠤ ᠬᠡᠷᠡᠭᠲᠡᠢ᠃ | ᠳᠣᠯᠤᠭ᠎ᠠ᠂ ᠴᠢᠩᠭᠡᠯᠢᠭ ᠡᠮᠨᠡᠯᠭᠡ ᠶᠢᠨ ᠬᠤᠷᠢᠶ᠎ᠠ ᠠᠴᠠ ᠭᠠᠷᠴᠤ ᠲᠤᠰᠠᠭᠠᠷᠯᠠᠬᠤ ᠴᠢᠬᠤᠯᠠ ᠦᠭᠡᠢ ᠪᠣᠯᠤᠭᠰᠠᠨ | ᠬᠥᠮᠥᠰ᠂ ᠨᠤᠲᠤᠭ ᠲᠠᠭᠠᠨ ᠪᠤᠴᠠᠭᠰᠠᠳ ᠤᠨ ᠰᠠᠭᠤᠭᠠᠯᠢ ᠠᠷᠠᠳ ᠤᠨ ᠲᠣᠭᠤᠷᠢᠭ ᠲᠠᠭᠠᠨ ᠣᠷᠣᠬᠤ ᠶᠢ ᠬᠠᠷᠰᠢᠯᠠᠵᠤ | ᠪᠤᠯᠬᠤ ᠦᠭᠡᠢ᠂ ᠡᠷᠬᠡᠪᠰᠢ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ | ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠢᠯ ᠤᠨ ᠵᠣᠯᠭᠠᠯᠴᠠᠭ᠎ᠠ ᠶᠢ ᠴᠢᠩᠭᠠᠳᠬᠠᠨ᠂ | ᠴᠢᠩᠭᠡᠯᠢᠭ ᠡᠮᠨᠡᠯᠭᠡ ᠶᠢᠨ ᠬᠤᠷᠢᠶ᠎ᠠ ᠠᠴᠠ ᠭᠠᠷᠤᠭᠰᠠᠨ ᠲᠤᠰᠠᠭᠠᠷᠯᠠᠬᠤ ᠴᠢᠬᠤᠯᠠ ᠦᠭᠡᠢ ᠪᠣᠯᠤᠭᠰᠠᠨ ᠬᠥᠮᠥᠰ᠂ | ᠨᠤᠲᠤᠭ ᠲᠠᠭᠠᠨ ᠪᠤᠴᠠᠭᠰᠠᠳ ᠤᠨ ᠤᠷᠤᠭᠰᠢᠲᠠᠢ ᠪᠠᠷ ᠭᠡᠷ ᠲᠡᠭᠡᠨ ᠬᠠᠷᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠡᠭᠦᠨ ᠤ ᠲᠠᠷᠠᠭ᠎ᠠ᠂ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠦᠨᠳᠦᠰᠦᠯᠡᠨ᠂ ᠨᠡᠶᠢᠲᠡ ᠶᠢᠨ | ᠵᠠᠮ ᠬᠠᠷᠢᠯᠴᠠᠭ᠎ᠠ᠂ ᠭᠠᠵᠠᠷ ᠳᠣᠣᠷᠠᠬᠢ ᠲᠡᠮᠦᠷ ᠵᠠᠮ ᠤᠨ ᠡᠵᠡᠩᠨᠡᠯᠲᠡ ᠶᠢ ᠠᠯᠬᠤᠮ ᠠᠯᠬᠤᠮ ᠢᠶᠠᠷ ᠰᠡᠷᠭᠦᠭᠡᠨ᠎ᠡ᠃ | ᠬᠠᠮᠢᠶ᠎ᠠ ᠪᠦᠬᠦᠢ ᠪᠠᠶᠢᠳᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠯᠪᠠᠨ ᠵᠠᠷᠯᠠᠯ ᠠᠴᠠ ᠠᠩᠬᠠᠷᠤᠭᠠᠷᠠᠢ᠃ |