ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ ᠲᠣᠰ ᠡᠳᠦᠷ ᠠᠴᠠ ᠡᠬᠢᠯᠡᠨ᠂ ᠮᠠᠨ ᠤ ᠣᠷᠣᠨ ᠠᠵᠢᠯ ᠣᠯᠭᠤᠯᠲᠠ ᠳᠤ | ᠲᠤᠰᠠᠯᠠᠮᠵᠢ ᠦᠵᠡᠭᠦᠯᠬᠦ ︽ᠬᠠᠶᠢᠷ᠎ᠠ ᠬᠠᠯᠠᠮᠵᠢ ᠶᠢᠨ ᠠᠵᠢᠯᠯᠠᠭ᠎ᠠ︾ ᠶᠢ ᠦᠷᠭᠦᠯᠵᠢᠯᠡᠭᠦᠯᠦᠨ ᠥᠷᠨᠢᠭᠦᠯᠵᠦ᠂ | ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ ᠲᠥᠪᠯᠡᠷᠡᠭᠦᠯᠦᠨ ᠬᠠᠪᠰᠤᠷᠴᠤ᠂ ᠨᠥᠬᠦᠪᠦᠷᠢ ᠶᠢᠨ | ᠲᠥᠷᠥᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠲᠣᠰ ᠤᠳᠠᠭᠠᠨ ᠤ ᠲᠤᠰᠠᠯᠠᠮᠵᠢ ᠦᠵᠡᠭᠦᠯᠬᠦ ᠠᠵᠢᠯᠯᠠᠭ᠎ᠠ ᠳᠤ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠵᠡᠷᠭᠡ ᠶᠢ ᠥᠷᠭᠡᠨ ᠢᠶᠠᠷ ᠳᠠᠶᠢᠴᠢᠯᠠᠵᠤ᠂ ᠠᠵᠢᠯᠯᠠᠬᠤ ᠱᠠᠭᠠᠷᠳᠠᠯᠭ᠎ᠠ ᠪᠠᠷ ᠳᠣᠣᠷ᠎ᠠ᠂ ᠪᠠᠲᠤᠯᠠᠭ᠎ᠠ ᠲᠠᠢ | ᠬᠠᠶᠢᠷ᠎ᠠ ᠬᠠᠯᠠᠮᠵᠢ ᠶᠢᠨ ᠠᠵᠢᠯ ᠤᠨ ᠪᠠᠶᠢᠷᠢ ᠪᠠ ᠬᠦᠴᠢᠷᠳᠡᠯᠲᠡᠢ ᠲᠡᠭᠦᠰᠬᠦ ᠰᠤᠷᠤᠭᠴᠢᠳ ᠲᠤ ᠲᠣᠬᠢᠷᠠᠬᠤ | ᠮᠡᠳᠡᠯᠭᠡ ᠶᠢᠨ ᠬᠡᠯᠪᠡᠷᠢ ᠶᠢᠨ ᠪᠠ ᠮᠡᠷᠭᠡᠵᠢᠯ ᠤᠨ ᠬᠡᠯᠪᠡᠷᠢ ᠶᠢᠨ ᠠᠵᠢᠯ ᠤᠨ ᠪᠠᠶᠢᠷᠢ ᠶᠢ ᠬᠠᠩᠭᠠᠨ᠎ᠠ᠃ ᠡᠯ᠎ᠡ ᠱᠠᠲᠤᠨ ᠤ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠦᠨᠳᠦᠰᠦᠨ ᠱᠠᠲᠤᠨ ᠳᠤ | ᠰᠤᠷᠪᠤᠯᠵᠢᠯᠠᠭ᠎ᠠ ᠬᠢᠵᠦ ᠪᠠᠶᠢᠳᠠᠯ ᠢ ᠣᠶᠢᠯᠠᠭᠠᠬᠤ᠂ ᠠᠵᠢᠯ ᠣᠯᠭᠤᠬᠤ ᠡᠲᠡᠭᠡᠳ ᠢ ᠣᠨᠣᠴᠠᠲᠠᠢ ᠮᠠᠭᠠᠳᠯᠠᠨ | ᠲᠣᠭᠲᠠᠭᠠᠬᠤ᠂ ᠬᠠᠪᠰᠤᠷᠤᠨ ᠲᠡᠳᠬᠦᠬᠦ ᠶᠢ ᠲᠥᠪᠯᠡᠷᠡᠭᠦᠯᠦᠨ ᠥᠷᠨᠢᠭᠦᠯᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠬᠦᠴᠢᠷᠳᠡᠯᠲᠡᠢ ᠬᠦᠮᠦᠰ᠂ ᠢᠯᠠᠩᠭᠤᠶ᠎ᠠ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ | ᠬᠦᠴᠢᠷᠳᠡᠯᠲᠡᠢ ᠣᠯᠠᠨ ᠲᠦᠮᠡᠨ ᠳᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠬᠤ ᠪᠠ | ᠠᠵᠢᠯ ᠣᠯᠭᠤᠯᠲᠠ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠠᠵᠢᠯ ᠣᠯᠭᠤᠯᠲᠠ ᠪᠠ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠬᠡᠷᠡᠭᠲᠡᠢ᠃ ᠡᠭᠦᠨ ᠤ ᠬᠠᠮᠲᠤ᠂ | ᠣᠯᠠᠨ ᠬᠡᠯᠪᠡᠷᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠵᠢᠯᠯᠠᠭ᠎ᠠ ᠶᠢ ᠥᠷᠨᠢᠭᠦᠯᠵᠦ᠂ ᠠᠵᠤ | ᠠᠬᠤᠶᠢᠯᠠᠯ ᠢ ᠬᠠᠪᠰᠤᠷᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ | ᠣᠶᠢᠯᠠᠭᠠᠭᠰᠠᠨ ᠢᠶᠠᠷ᠂ ᠡᠨᠡ ᠵᠢᠯ ᠤᠨ 7 ᠳ᠋ᠤᠭᠠᠷ ᠰᠠᠷ᠎ᠠ ᠶᠢᠨ 31 ᠤ ᠡᠳᠦᠷ᠂ ᠮᠠᠨ ᠤ ᠣᠷᠣᠨ 3 | ᠰᠠᠷ᠎ᠠ ᠶᠢᠨ ᠬᠤᠭᠤᠴᠠᠭ᠎ᠠ ᠲᠠᠢ ᠠᠵᠢᠯ ᠣᠯᠭᠤᠯᠲᠠ ᠳᠤ ᠲᠤᠰᠠᠯᠠᠮᠵᠢ ᠦᠵᠡᠭᠦᠯᠬᠦ ︽ᠬᠠᠶᠢᠷ᠎ᠠ ᠬᠠᠯᠠᠮᠵᠢ ᠶᠢᠨ | ᠠᠵᠢᠯᠯᠠᠭ᠎ᠠ︾ ᠶᠢ ᠡᠬᠢᠯᠡᠭᠦᠯᠵᠦ᠂ ᠲᠥᠪᠯᠡᠷᠡᠭᠦᠯᠦᠨ ᠠᠵᠢᠯ ᠤᠨ ᠪᠠᠶᠢᠷᠢ ᠬᠠᠩᠭᠠᠬᠤ᠂ ᠦᠢᠯᠡᠴᠢᠯᠡᠭᠡ ᠬᠠᠩᠭᠠᠬᠤ᠂ | ᠲᠥᠷᠥ ᠶᠢᠨ ᠪᠣᠳᠣᠯᠭ᠎ᠠ ᠬᠠᠩᠭᠠᠬᠤ᠂ ᠬᠠᠶᠢᠷ᠎ᠠ ᠬᠠᠯᠠᠮᠵᠢ ᠬᠦᠷᠲᠡᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠦᠴᠢᠷᠳᠡᠯᠲᠡᠢ ᠬᠥᠮᠥᠰ ᠢ ᠬᠠᠪᠰᠤᠷᠤᠨ ᠠᠵᠢᠯ ᠣᠯᠭᠤᠪᠠ᠃ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ | ᠨᠡᠶᠢᠲᠡ 17457 ᠲᠤᠰᠠᠯᠠᠮᠵᠢ ᠦᠵᠡᠭᠦᠯᠬᠦ ᠡᠲᠡᠭᠡᠳ ᠢ ᠮᠠᠭᠠᠳᠯᠠᠨ ᠲᠣᠭᠲᠠᠭᠠᠵᠤ᠂ 3745 ᠬᠥᠮᠥᠨ ᠤᠳᠠᠭ᠎ᠠ | ᠲᠣᠬᠤᠨᠢᠭᠤᠯᠬᠤ ᠠᠵᠢᠯᠯᠠᠭ᠎ᠠ ᠥᠷᠨᠢᠭᠦᠯᠪᠡ︔ ᠪᠥᠬᠦ ᠣᠷᠣᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ ᠨᠡᠶᠢᠲᠡ 366 ᠲᠠᠯᠠᠪᠤᠷ ᠡᠷᠭᠢᠯᠡᠵᠦ᠂ 13.9 ᠲᠦᠮᠡᠨ ᠠᠵᠢᠯ ᠤᠨ | ᠪᠠᠶᠢᠷᠢ ᠬᠠᠩᠭᠠᠵᠤ᠂ ᠨᠡᠶᠢᠲᠡ 1.67 ᠲᠦᠮᠡᠨ ᠲᠤᠰᠠᠯᠠᠮᠵᠢ ᠦᠵᠡᠭᠦᠯᠬᠦ ᠡᠲᠡᠭᠡᠳ ᠢ ᠬᠠᠪᠰᠤᠷᠤᠨ ᠠᠵᠢᠯ ᠣᠯᠭᠤᠪᠠ᠃ | |