ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾
ᠨᠡᠶᠢᠲᠡᠯᠡᠭᠰᠡᠨ ᠴᠠᠭ᠄
2022/2/10
      ︽ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2020︺ 22 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2018︺ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠯᠤᠭ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠄      ᠨᠢᠭᠡ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠲᠣᠪᠴᠢᠯᠠᠯ      ︵ᠨᠢᠭᠡ︶ ᠨᠡᠶᠢᠲᠡᠯᠡᠭᠰᠡᠨ ᠠᠬᠤᠢ ᠪᠠᠶᠢᠳᠠᠯ      2020 ᠣᠨ ᠤ 7 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2020︺ 22 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠤᠵᠢ ᠶᠢᠨ ᠱᠠᠲᠤᠨ ᠠᠴᠠ ᠳᠣᠷᠣᠭᠰᠢᠬᠢ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃ ᠤᠯᠤᠰ ᠤᠨ ᠥᠭᠡᠷᠡᠴᠢᠯᠡᠯᠲᠡ ᠶᠢᠨ ᠲᠥᠰᠥᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠲᠠᠷᠬᠠᠭᠠᠭᠰᠠᠨ ︹2018︺ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠮᠤᠵᠢ ᠶᠢᠨ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠢ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠲᠥᠰᠥᠯ ᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠯᠤᠭ᠎ᠠ ᠬᠠᠮᠲᠤᠷᠠᠨ ᠲᠤᠰ ᠲᠥᠰᠥᠯ ᠢ ᠰᠤᠳᠤᠯᠤᠨ ᠲᠤᠭᠤᠷᠪᠢᠪᠠ᠃      ︵ᠬᠤᠶᠠᠷ︶ ᠦᠨᠳᠦᠰᠦᠨ ᠵᠠᠷᠴᠢᠮ      ᠨᠢᠭᠡ ᠳᠤ᠂ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠥᠷᠭᠡᠨ ᠢᠶᠠᠷ ᠣᠷᠣᠯᠴᠠᠭᠤᠯᠬᠤ ᠶᠢ ᠪᠠᠷᠢᠮᠲᠠᠯᠠᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠪᠠᠷ ᠡᠬᠢᠯᠡᠯᠲᠡ ᠵᠣᠭᠰᠣᠯᠲᠠ ᠪᠣᠯᠭᠠᠵᠤ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠢ ᠪᠠᠷᠢᠮᠲᠠᠯᠠᠵᠤ᠂ ᠭᠤᠣᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠤ ᠵᠡᠷᠭᠡ ᠳᠤ᠂ ᠨᠡᠶᠢᠭᠡᠮ ᠤᠨ ᠬᠦᠴᠦᠨ ᠢ ᠲᠡᠳᠡᠨ ᠳᠠᠶᠢᠴᠢᠯᠠᠵᠤ ᠪᠠᠶᠢᠭᠠᠳ ᠥᠷᠭᠡᠨ ᠢᠶᠠᠷ ᠣᠷᠣᠯᠴᠠᠭᠤᠯᠵᠤ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠴᠦᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠬᠠᠮᠵᠢᠯᠴᠠᠭᠰᠠᠨ᠂ ᠠᠰᠢᠭᠲᠠᠢ ᠬᠠᠷᠢᠯᠴᠠᠨ ᠦᠢᠯᠡᠳᠦᠯᠴᠡᠭᠰᠡᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠲᠣᠭᠲᠠᠴᠠ ᠶᠢ ᠪᠤᠶ ᠪᠣᠯᠭᠠᠬᠤ ᠶᠢ ᠠᠬᠢᠭᠤᠯᠤᠨ᠎ᠠ᠃      ᠬᠤᠶᠠᠷ ᠲᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠶᠢᠨ ᠥᠭᠡᠷᠡᠴᠢᠯᠡᠯᠲᠡ ᠶᠢᠨ ᠲᠥᠰᠥᠯ ᠤᠨ ᠶᠡᠷᠦᠩᠬᠡᠢ ᠪᠣᠷᠣ ᠲᠥᠰᠥᠪ ᠤᠨ ᠳᠣᠣᠷ᠎ᠠ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠢ ᠬᠤᠪᠢᠶᠠᠷᠢᠯᠠᠵᠤ᠂ ᠪᠥᠬᠦ ᠣᠷᠣᠨ ᠤ ᠴᠢᠨᠠᠷᠲᠠᠢ ᠪᠤᠶᠤ ᠣᠷᠣᠨ ᠪᠦᠰᠡ ᠠᠯᠤᠰᠯᠠᠭᠰᠠᠨ᠂ ᠭᠤᠣᠯᠳᠠᠯᠭ᠎ᠠ ᠲᠠᠢ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠬᠤ ᠬᠡᠮᠵᠢᠶ᠎ᠡ ᠪᠠᠷ ᠴᠢᠩᠭᠠᠳᠬᠠᠨ᠎ᠠ︔ ᠣᠷᠣᠨ ᠪᠦᠰᠡ ᠶᠢᠨ ᠴᠢᠨᠠᠷ ᠢᠶᠠᠷ ᠴᠢᠩᠭ᠎ᠠ᠂ ᠦᠨᠳᠦᠰᠦᠨ ᠱᠠᠲᠤᠨ ᠳᠤ ᠰᠢᠭᠤᠳ ᠬᠠᠨᠳᠤᠭᠰᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠳᠤ ᠠᠶᠢᠮᠠᠭ ᠬᠤᠲᠠ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠳᠠᠪᠠᠭᠤᠯᠢᠭ ᠪᠠ ᠢᠳᠡᠪᠬᠢᠵᠢᠯ ᠢ ᠭᠦᠢᠴᠡᠳ ᠪᠠᠳᠠᠷᠠᠭᠤᠯᠤᠨ᠎ᠠ︔ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠬᠠᠷᠠᠭᠤᠯᠤᠭᠰᠠᠨ᠂ ᠨᠢᠭᠡᠳᠦᠯᠲᠡᠢ ᠪᠠᠶᠢᠷᠢᠯᠠᠭᠤᠯᠤᠭᠰᠠᠨ᠂ ᠱᠠᠲᠤ ᠬᠤᠪᠢᠶᠠᠨ ᠬᠡᠷᠡᠭᠵᠢᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠳᠤ ᠠᠰᠢᠭ ᠭᠥᠷᠳᠡᠬᠦ ᠬᠡᠪᠴᠢᠶ᠎ᠡ᠂ ᠵᠠᠰᠠᠭ ᠵᠠᠬᠢᠷᠭᠠᠨ ᠤ ᠦᠷ᠎ᠡ ᠪᠦᠲᠦᠮᠵᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠵᠤ᠂ ᠪᠥᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠨᠡᠶᠢᠯᠡᠮᠡᠯ ᠬᠦᠴᠦᠨ ᠢ ᠴᠢᠷᠮᠠᠶᠢᠨ ᠪᠣᠶ ᠪᠣᠯᠭᠠᠨ᠎ᠠ᠃      ᠭᠤᠷᠪᠠ ᠳᠤ᠂ ᠯᠠᠪᠳᠠᠭᠤᠨ ᠪᠥᠭᠡᠳ ᠡᠮᠬᠢ ᠵᠢᠷᠤᠮ ᠲᠠᠢ᠂ ᠲᠥᠷᠥᠯ ᠬᠤᠪᠢᠶᠠᠨ ᠠᠬᠢᠭᠤᠯᠬᠤ ᠶᠢ ᠪᠠᠷᠢᠮᠲᠠᠯᠠᠨ᠎ᠠ ᠃ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠶᠡᠷᠦᠩᠬᠡᠢ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠣᠳᠣᠬᠠᠨ ᠤ ᠪᠠ ᠠᠯᠤᠰ ᠬᠡᠲᠦ ᠶᠢ ᠬᠠᠮᠲᠤ ᠳᠤ ᠨᠢ ᠬᠠᠷᠠᠭᠠᠯᠵᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠢᠶᠠᠷ ᠨᠡᠯᠢᠶᠡᠳ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠮᠥᠷᠲᠡᠭᠡᠨ ᠪᠦᠲᠦᠮᠵᠢᠲᠡᠶ ᠵᠦᠢᠯᠡᠰ ᠢ ᠨᠤᠲᠠᠯᠠᠨ ᠲᠣᠭᠲᠠᠭᠠᠨ᠎ᠠ︔ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠭᠠᠳᠤᠢ ᠵᠦᠢᠯᠡᠰ ᠢ ᠨᠥᠬᠦᠪᠦᠷᠢᠯᠡᠨ ᠲᠡᠭᠦᠯᠳᠡᠷᠵᠢᠭᠦᠯᠵᠦ᠂ ᠲᠣᠳᠣᠷᠬᠠᠶᠢᠯᠠᠨ᠎ᠠ︔ ᠥᠭᠡᠷᠡᠴᠢᠯᠡᠯᠲᠡ ᠶᠢᠨ ᠨᠥᠬᠦᠴᠡᠯ ᠬᠠᠷᠠᠬᠠᠨ ᠪᠦᠷᠢᠯᠳᠦᠭᠡᠳᠦᠢ ᠵᠦᠢᠯᠡᠰ ᠲᠤ ᠥᠭᠡᠷᠡᠴᠢᠯᠡᠯᠲᠡ ᠶᠢᠨ ᠴᠢᠭᠯᠡᠯ ᠢ ᠲᠣᠳᠣᠷᠬᠠᠢ ᠪᠣᠯᠭᠠᠵᠤ᠂ ᠬᠤᠯᠪᠣᠭᠳᠠᠯ ᠪᠦᠬᠦᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤ ᠨᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃      ︵ᠭᠤᠷᠪᠠ︶ ᠭᠤᠣᠯ ᠠᠭᠤᠯᠭ᠎ᠠ      ᠭᠤᠣᠯ ᠠᠭᠤᠯᠭ᠎ᠠ ᠳᠤ᠄ ᠶᠡᠷᠦᠩᠬᠡᠢ ᠱᠠᠭᠠᠷᠳᠠᠯᠭ᠎ᠠ᠂ ᠭᠤᠣᠯ ᠠᠭᠤᠯᠭ᠎ᠠ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠪᠠᠭᠲᠠᠨ᠎ᠠ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄      1. ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠥᠭᠡᠷᠡᠴᠢᠯᠡᠯᠲᠡ ᠶᠢᠨ ᠶᠡᠷᠦᠩᠬᠡᠢ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠡᠳ᠋ ᠤᠨ ᠵᠠᠰᠠᠭ ᠤᠨ ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋ ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠠᠵᠢᠯ ᠶᠠᠪᠤᠳᠠᠯ ᠢ ᠬᠠᠮᠢᠶᠠᠷᠬᠤ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠣᠭᠲᠠᠪᠤᠷᠢᠲᠠᠢ ᠳᠦᠷᠢᠮ ᠢ ᠪᠣᠶ ᠪᠣᠯᠭᠠᠵᠤ᠂ ᠮᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃      2. ᠭᠤᠣᠯ ᠠᠭᠤᠯᠭ᠎ᠠ      ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠪᠣᠷᠣ ᠲᠥᠰᠥᠪ ᠶᠣᠰᠣᠭᠠᠷ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠭᠠᠢ ᠭᠠᠮᠰᠢᠭ ᠠᠳᠡᠯ ᠤᠨ ᠲᠦᠭᠰᠢᠭᠦᠷᠢ ᠶᠢᠨ ᠳᠠᠯᠳᠠ ᠬᠡᠮ ᠢ ᠪᠠᠶᠢᠴᠠᠭᠠᠬᠤ ᠵᠢᠴᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠭᠤᠷᠪᠠᠨ ᠲᠠᠯ᠎ᠠ ᠶᠢᠨ 8 ᠵᠦᠢᠯ ᠤᠨ ᠪᠣᠳᠠᠲᠠᠢ ᠠᠭᠤᠯᠭ᠎ᠠ ᠳᠤ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ᠎ᠠ᠃      ᠨᠢᠭᠡ ᠳᠤ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠤᠨ ᠲᠠᠯ᠎ᠠ ᠶᠢᠨ ᠪᠣᠳᠠᠲᠠᠢ ᠠᠭᠤᠯᠭ᠎ᠠ ᠳᠤ ᠪᠠᠭᠲᠠᠬᠤ ᠨᠢ᠄      ︵1︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ︔ ︵2︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ︔ ︵3︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ︔ ︵4︶ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ︔ ︵5︶ ᠪᠠᠴᠢᠮ ᠪᠠᠶᠢᠳᠠᠯ ᠢ ᠠᠷᠭᠠᠴᠠᠭᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠯ᠃      ᠬᠤᠶᠠᠷ ᠲᠤ᠂ ᠭᠠᠢ ᠭᠠᠮᠰᠢᠭ ᠪᠠ ᠠᠳᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠠᠶᠢᠴᠠᠭᠠᠬᠤ ᠵᠢᠴᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠪᠣᠳᠠᠲᠠᠢ ᠠᠭᠤᠯᠭ᠎ᠠ ᠳᠤ ᠪᠠᠭᠲᠠᠬᠤ ᠨᠢ᠄      ︵1︶ ᠭᠠᠢ ᠭᠠᠮᠰᠢᠭ ᠪᠠ ᠠᠳᠡᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠪᠠᠶᠢᠴᠠᠭᠠᠬᠤ︔ ︵2︶ ᠭᠠᠢ ᠭᠠᠮᠰᠢᠭ ᠪᠠ ᠠᠳᠡᠯ ᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠃      ᠭᠤᠷᠪᠠ ᠳᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ᠃      3. ᠢᠵᠢ ᠪᠦᠷᠢᠳᠦᠭᠦᠯᠬᠦ ᠠᠷᠭ᠎ᠠ ᠬᠡᠮᠵᠢᠶ᠎ᠡ      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ︔ ᠬᠤᠶᠠᠷ ᠲᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ︔ ᠭᠤᠷᠪᠠ ᠳᠤ᠂ ᠢᠵᠢ ᠪᠦᠷᠢᠳᠦᠭᠦᠯᠬᠦ ᠳᠦᠷᠢᠮ ᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠤᠨ᠎ᠠ᠃      ︵ᠳᠥᠷᠪᠡ︶ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠭᠴᠢ ᠵᠢᠴᠢ ᠠᠰᠠᠭᠤᠨ ᠯᠠᠪᠯᠠᠬᠤ ᠤᠲᠠᠰᠤ      ᠬᠡᠷᠪᠡ ᠲᠣᠰ ᠲᠥᠰᠥᠯ᠂ ᠰᠠᠨᠠᠯ ᠢ ᠣᠶᠢᠯᠠᠭᠠᠬᠤ ᠦᠭᠡᠢ ᠭᠠᠵᠠᠷ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠪᠠᠶᠢᠭᠠᠯᠢ ᠶᠢᠨ ᠡᠬᠢ ᠪᠠᠶᠠᠯᠢᠭ ᠬᠢᠭᠡᠳ ᠠᠮᠢ ᠠᠬᠤᠢ ᠣᠷᠴᠢᠨ ᠲᠣᠭᠤᠷᠢᠨ ᠤ ᠭᠠᠵᠠᠷ ᠠᠴᠠ ᠪᠣᠳᠠᠲᠠᠢ ᠠᠰᠠᠭᠤᠨ ᠯᠠᠪᠯᠠᠵᠤ ᠪᠣᠯᠣᠨ᠎ᠠ᠂ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠤᠲᠠᠰᠤ᠄ 0471-4192195᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠴᠢ᠄ ᠸᠠᠩ ᠳ᠋ᠦᠩ ᠱᠧᠩ︔ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠠᠯᠪᠠᠨ ᠭᠡᠷ ᠠᠴᠠ ᠠᠰᠠᠭᠤᠨ ᠯᠠᠪᠯᠠᠵᠤ ᠪᠣᠯᠣᠨ᠎ᠠ᠂ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠤᠲᠠᠰᠤ᠄ 0471-4820211᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠴᠢ᠄ ᠼᠦᠢ ᠶᠢᠩ ᠵᠢᠶᠧ ︵ᠠᠵᠢᠯᠯᠠᠬᠤ ᠡᠳᠦᠷ ᠤᠨ 9᠄ 00 - 12᠄ 00᠂ 13᠄ 30 - 17᠄ 00︶᠃      ᠬᠤᠶᠠᠷ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠡᠯᠪᠡᠷᠢ      ᠲᠣᠰ ᠲᠠᠶᠢᠯᠤᠮᠵᠢ ᠶᠢᠨ ᠲᠥᠰᠥᠯ ᠢ ᠪᠢᠴᠢᠭ ᠤᠨ ᠬᠡᠯᠪᠡᠷᠢ ᠪᠠᠷ ᠲᠠᠶᠢᠯᠪᠤᠷᠢᠯᠠᠨ᠎ᠠ᠃      ᠭᠤᠷᠪᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠷᠭ᠎ᠠ ᠵᠠᠮ      ᠲᠣᠰ ᠲᠠᠶᠢᠯᠤᠮᠵᠢ ᠶᠢᠨ ᠲᠥᠰᠥᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠷᠭ᠎ᠠ ᠵᠠᠮ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠪᠣᠯᠣᠨ᠎ᠠ᠃      ᠳᠥᠷᠪᠡ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠴᠠᠭ      ᠲᠣᠰ ᠲᠠᠶᠢᠯᠤᠮᠵᠢ ᠶᠢᠨ ᠲᠥᠰᠥᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠴᠠᠭ ᠨᠢ ᠲᠣᠰ ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号