ᠦᠰᠦᠭ ᠪᠢᠴᠢᠭ ᠢᠶᠠᠷ ᠥᠭᠦᠯᠡᠬᠦᠢ᠄ ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠤᠭᠤᠳᠬᠤ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/2/10
      ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠰᠠᠭᠤᠷᠢ ᠮᠥᠩᠭᠦ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ ᠵᠢᠵᠢᠭ ᠪᠢᠴᠢᠯ ᠠᠵᠤ ᠠᠬᠤᠶᠢᠯᠠᠯ ᠪᠠ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠥᠭᠵᠢᠯᠲᠡ ᠶᠢ ᠦᠨᠡᠨ ᠬᠦ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2019︺ 6 ᠳ᠋ᠤᠭᠠᠷ ᠲᠣᠭᠠᠲᠤ︶᠂ ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠲᠤᠯᠤᠭᠠᠨ ᠰᠠᠯᠠᠭ᠎ᠠ ᠮᠥᠴᠢᠷ ᠤᠨ ᠮᠡᠳᠡᠭᠳᠡᠯ︾ ︵ᠪᠠᠩᠬᠢ ᠳᠠᠭᠠᠳᠬᠠᠯ ᠤᠨ ᠬᠢᠨᠠᠯᠲᠠ ᠲᠠᠷᠬᠠᠭᠠᠭᠰᠠᠨ ︹2020︺ 39 ᠳ᠋ᠦ᠋ᠭᠡᠷ ᠲᠣᠭᠠᠲᠤ︶᠂ ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠵᠢᠵᠢᠭ ᠪᠢᠴᠢᠯ ᠠᠵᠤ ᠠᠬᠤᠶᠢᠯᠠᠯ ᠪᠠ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠭᠤᠣᠯ ᠴᠣᠭᠴᠠ ᠶᠢᠨ ᠪᠡᠯᠡ ᠲᠣᠬᠢᠷᠠᠭᠤᠯᠬᠤ ᠢᠲᠡᠭᠡᠮᠵᠢ ᠶᠢ ᠨᠡᠮᠡᠭᠳᠡᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠮᠥᠩᠭᠦᠨ ︹2020︺ 19 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃      ᠨᠢᠭᠡ᠂ ︽ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ      ᠣᠶᠢᠷ᠎ᠠ ᠶᠢᠨ ᠵᠢᠯ ᠤᠳ ᠲᠤ᠂ ᠤᠯᠤᠰ ᠠᠴᠠ ᠪᠡᠯᠡ ᠲᠣᠬᠢᠷᠠᠭᠤᠯᠬᠤ ᠳᠠᠭᠠᠭᠠᠯᠲᠠ ᠶᠢᠨ ᠠᠵᠢᠯ ᠲᠥᠷᠥᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠵᠢᠵᠢᠭ ᠪᠢᠴᠢᠯ ᠠᠵᠤ ᠠᠬᠤᠶᠢᠯᠠᠯ ᠪᠠ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠭᠤᠣᠯ ᠴᠣᠭᠴᠠ ᠪᠠ ᠠᠵᠢᠯ ᠲᠥᠷᠥᠯ ᠤᠨ ᠬᠥᠭᠵᠢᠯᠲᠡ ᠶᠢ ᠲᠤᠯᠭᠠᠭᠤᠷᠢᠯᠠᠬᠤ ᠭᠤᠣᠯ ᠬᠦᠴᠦᠨ ᠪᠣᠯᠭᠠᠪᠠ᠃ 2020 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠬᠠᠮᠤᠷᠬᠤ ᠬᠡᠪᠴᠢᠶ᠎ᠡ ᠶᠢ ᠶᠡᠭᠡ ᠪᠠᠷ ᠥᠷᠭᠡᠳᠬᠡᠬᠦ ᠶᠢᠨ ᠬᠠᠮᠲᠤ ᠵᠠᠷᠤᠳᠠᠯ ᠤᠨ ᠨᠤᠷᠮ᠎ᠠ ᠶᠢ ᠮᠡᠳᠡᠭᠳᠡᠮ᠎ᠡ ᠪᠠᠭᠤᠷᠠᠭᠤᠯᠤᠨ᠎ᠠ︾ ᠭᠡᠵᠦ ᠳᠤᠷᠠᠳᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠪᠡᠯᠡ ᠲᠣᠬᠢᠷᠠᠭᠤᠯᠬᠤ ᠳᠠᠭᠠᠭᠠᠯᠲᠠ ᠶᠢᠨ ᠠᠵᠢᠯ ᠲᠥᠷᠥᠯ ᠳᠤ ᠳᠠᠭᠠᠭᠤᠯᠤᠭᠴᠢ ᠪᠠᠶᠢᠭᠤᠯᠤᠮᠵᠢ ᠦᠭᠡᠢ᠂ ᠤᠯᠤᠰ ᠤᠨ ᠪᠡᠯᠡ ᠲᠣᠬᠢᠷᠠᠭᠤᠯᠬᠤ ᠳᠠᠭᠠᠭᠠᠯᠲᠠ ᠶᠢᠨ ᠰᠠᠭᠤᠷᠢ ᠮᠥᠩᠭᠦ ᠶᠢᠨ ᠬᠠᠮᠲᠤᠷᠠᠯᠴᠠᠭᠠᠨ ᠤ ᠬᠡᠪᠴᠢᠶᠡᠨ ᠳᠤ ᠣᠷᠣᠭᠤᠯᠬᠤ ᠶᠢᠨ ᠠᠷᠭ᠎ᠠ ᠦᠭᠡᠢ᠂ ᠭᠤᠣᠯ ᠠᠵᠢᠯ  ᠨᠢ ᠲᠣᠪᠤᠶᠢᠮ᠎ᠠ ᠪᠤᠰᠤ᠂ ᠳᠠᠭᠠᠭᠠᠯᠲᠠ ᠶᠢᠨ ᠴᠢᠳᠠᠪᠤᠷᠢ ᠨᠢ ᠴᠢᠩᠭ᠎ᠠ ᠪᠤᠰᠤ᠂ ᠪᠠᠩᠬᠢ ᠪᠠ ᠳᠠᠭᠠᠭᠠᠯᠲᠠ ᠶᠢᠨ ᠪᠠᠶᠢᠭᠤᠯᠤᠮᠵᠢ ᠶᠢᠨ ᠬᠠᠮᠲᠤᠷᠠᠯᠴᠠᠭ᠎ᠠ ᠨᠢ ᠰᠢᠯᠤᠭᠤᠨ ᠪᠤᠰᠤ᠂ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠥᠯᠥ ᠨᠠᠶᠢᠳᠠᠪᠤᠷᠢᠵᠢᠭᠤᠯᠬᠤ ᠵᠡᠷᠭᠡ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ︽ᠰᠠᠨᠠᠯ︾ ᠢ ᠰᠤᠳᠤᠯᠤᠨ ᠲᠣᠭᠲᠠᠭᠠᠵᠤ ᠵᠢᠯᠤᠭᠤᠳᠬᠤ ᠪᠢᠴᠢᠭ ᠮᠠᠲ᠋ᠧᠷᠢᠶᠠᠯ ᠪᠣᠯᠭᠠᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠵᠠᠰᠠᠭ ᠪᠠᠩᠬᠢ ᠬᠠᠮᠲᠤᠷᠠᠨ ᠠᠵᠢᠯᠯᠠᠬᠤ ᠰᠢᠨ᠎ᠡ ᠮᠠᠶ᠋ᠢᠭ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠭᠤᠣᠯ ᠠᠵᠢᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠵᠢᠷᠤᠮᠵᠢᠭᠤᠯᠤᠨ ᠬᠥᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃      ᠬᠤᠶᠠᠷ᠂ ︽ᠰᠠᠨᠠᠯ︾ ᠤᠨ ᠭᠤᠣᠯ ᠠᠭᠤᠯᠭ᠎ᠠ      ︽ᠰᠠᠨᠠᠯ︾ ᠢ ᠶᠡᠷᠦᠩᠬᠡᠢ ᠱᠠᠭᠠᠷᠳᠠᠯᠭ᠎ᠠ᠂ ᠭᠤᠣᠯ ᠠᠷᠭ᠎ᠠ ᠬᠡᠮᠵᠢᠶ᠎ᠡ᠂ ᠠᠵᠢᠯ ᠤᠨ ᠪᠠᠲᠤᠯᠠᠭ᠎ᠠ ᠭᠡᠵᠦ ᠭᠤᠷᠪᠠᠨ ᠬᠡᠰᠡᠭ ᠲᠤ ᠬᠤᠪᠢᠶᠠᠪᠠ᠂ ᠪᠣᠳᠠᠲᠠᠢ ᠠᠭᠤᠯᠭ᠎ᠠ  ᠨᠢ ᠳᠣᠣᠷᠠᠬᠢ ᠮᠡᠲᠦ᠄      ︵ᠨᠢᠭᠡ︶ ᠶᠡᠷᠦᠩᠬᠡᠢ ᠱᠠᠭᠠᠷᠳᠠᠯᠭ᠎ᠠ ᠶᠢᠨ ᠬᠡᠰᠡᠭ᠃ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠨᠢ ᠳᠡᠰᠯᠡᠬᠦ ᠣᠯᠠᠨ ᠨᠡᠶᠢᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠵᠢᠵᠢᠭ ᠠᠵᠤ ᠠᠬᠤᠶᠢᠯᠠᠯ ᠪᠠ ᠲᠠᠷᠢᠶᠠᠯᠠᠩ ᠢ ᠳᠡᠮᠵᠢᠬᠦ︾ ᠪᠡᠯᠡ ᠲᠣᠬᠢᠷᠠᠭᠤᠯᠬᠤ ᠳᠠᠭᠠᠭᠠᠯᠲᠠ ᠶᠢᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠨ᠎ᠠ ᠭᠡᠵᠦ ᠲᠣᠳᠣᠷᠬᠠᠢ ᠲᠣᠭᠲᠠᠭᠠᠪᠠ᠃ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠪᠠ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠠᠮᠲᠤ ᠪᠠᠷ ᠣᠷᠣᠯᠴᠠᠭᠰᠠᠨ᠂ ᠵᠦᠢ ᠵᠣᠬᠢᠰᠲᠠᠢ ᠲᠦᠭᠰᠢᠭᠦᠷᠢ ᠪᠦᠬᠦᠢ ᠪᠠᠩᠬᠢ ᠪᠠ ᠳᠠᠭᠠᠭᠠᠯᠲᠠ ᠶᠢᠨ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠨᠠᠶᠢᠳᠠᠪᠤᠷᠢᠵᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃      ︵ᠬᠤᠶᠠᠷ︶ ᠭᠤᠣᠯ ᠠᠷᠭ᠎ᠠ ᠬᠡᠮᠵᠢᠶ᠎ᠡ ᠶᠢᠨ ᠬᠡᠰᠡᠭ᠃ ᠡᠭᠦᠨ ᠳᠤ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠳᠠᠭᠠᠭᠠᠯᠲᠠ ᠶᠢᠨ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠬᠥᠷᠥᠩᠭᠡ ᠮᠥᠩᠭᠦ ᠶᠢ ᠦᠷᠭᠦᠯᠵᠢᠯᠡᠨ ᠨᠥᠬᠦᠪᠦᠷᠢᠯᠡᠬᠦ ᠲᠣᠭᠲᠠᠴᠠ ᠶᠢ ᠪᠠᠶᠢᠭᠤᠯᠬᠤ᠂ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠪᠤᠶᠢᠵᠢᠭᠤᠯᠬᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠨᠡᠷᠡᠰ ᠤᠨ ᠬᠥᠳᠡᠯᠦᠩᠭᠦᠢ ᠬᠠᠮᠢᠶᠠᠷᠤᠯᠲᠠ ᠶᠢ ᠰᠠᠶᠢᠲᠤᠷ ᠬᠢᠬᠦ᠂ ᠵᠠᠰᠠᠭ ᠪᠠᠩᠬᠢ ᠳᠠᠭᠠᠭᠠᠯᠲᠠ ᠶᠢᠨ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠰᠢᠨ᠎ᠡ ᠬᠡᠯᠪᠡᠷᠢ ᠶᠢᠨ ᠵᠠᠭᠪᠤᠷ ᠢ ᠳᠡᠯᠭᠡᠷᠡᠭᠦᠯᠬᠦ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠶᠢ ᠪᠠᠭᠲᠠᠭᠠᠨ᠎ᠠ᠃      ︵ᠭᠤᠷᠪᠠ︶ ᠠᠵᠢᠯ ᠤᠨ ᠪᠠᠲᠤᠯᠠᠭ᠎ᠠ ᠶᠢᠨ ᠬᠡᠰᠡᠭ᠃ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠰᠠᠶᠢᠲᠤᠷ ᠬᠢᠬᠦ ᠳᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠴᠢᠳᠠᠪᠤᠷᠢᠲᠠᠨ ᠤ ᠪᠠᠶᠢᠭᠤᠯᠤᠯᠲᠠ ᠪᠠ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃      ᠭᠤᠷᠪᠠ᠂ ︽ᠰᠠᠨᠠᠯ︾ ᠤᠨ ᠣᠨᠴᠠᠯᠢᠭᠲᠤ ᠭᠢᠯᠠᠰ ᠴᠡᠭ      ︵ᠨᠢᠭᠡ︶ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠠᠭᠠᠭᠠᠯᠲᠠ ᠶᠢᠨ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠬᠠᠮᠲᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠪᠠ ᠳᠠᠬᠢᠨ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠢᠶᠠᠷ ᠬᠤᠯᠪᠣᠭᠠᠰᠤ ᠪᠣᠯᠭᠠᠵᠤ᠂ ᠳᠠᠭᠠᠭᠤᠯᠤᠭᠴᠢ ᠪᠠᠷ ᠳᠠᠶᠢᠴᠢᠯᠠᠬᠤ᠂ ᠴᠤᠭᠯᠠᠷᠠᠭᠤᠯᠤᠨ ᠢᠲᠡᠭᠡᠮᠵᠢ ᠶᠢ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠳᠠᠶᠢᠴᠢᠯᠠᠨ ᠪᠣᠳᠠᠲᠤ ᠴᠣᠭᠴᠠᠲᠤ ᠠᠵᠤ ᠠᠬᠤᠢ ᠳᠤ ᠨᠠᠩ ᠰᠠᠶᠢᠨ ᠦᠢᠯᠡᠴᠢᠯᠡᠭᠦᠯᠦᠨ᠎ᠡ᠃ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠪᠤᠶᠢᠵᠢᠭᠤᠯᠵᠤ᠂ ᠣᠷᠣᠨ ᠪᠦᠰᠡ ᠶᠢᠨ ︽ᠳᠠᠭᠠᠭᠤᠯᠤᠭᠴᠢ︾ ᠶᠢᠨ ᠦᠢᠯᠡᠳᠦᠯ ᠢ ᠪᠠᠳᠠᠷᠠᠭᠤᠯᠤᠨ᠂ ᠬᠠᠷᠢᠶ᠎ᠠ ᠣᠷᠣᠨ ᠤ ᠳᠣᠲᠣᠷᠠᠬᠢ ᠵᠢᠵᠢᠭ ᠪᠢᠴᠢᠯ ᠠᠵᠤ ᠠᠬᠤᠶᠢᠯᠠᠯ ᠪᠠ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃      ︵ᠬᠤᠶᠠᠷ︶ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠴᠠ ᠶᠢ ᠪᠦᠷᠢᠨᠰᠢᠭᠦᠯᠦᠨ᠎ᠡ᠃ ᠪᠠᠩᠬᠢ ᠪᠠ ᠳᠠᠭᠠᠭᠠᠯᠲᠠ ᠶᠢᠨ ᠪᠠᠶᠢᠭᠤᠯᠤᠮᠵᠢ ᠬᠤᠶᠠᠷ ᠲᠠᠯ᠎ᠠ ᠶᠢᠨ ︽ᠶᠡᠷᠦᠩᠬᠡᠢ ᠺᠣᠮᠫᠠᠨᠢ ᠨᠢ ᠺᠣᠮᠫᠠᠨᠢ ᠲᠠᠢ ᠬᠡᠯᠡᠯᠴᠡᠭᠡᠷ ᠲᠣᠭᠲᠠᠬᠤ︾ ᠬᠠᠮᠲᠤᠷᠠᠯᠴᠠᠭ᠎ᠠ ᠶᠢ ᠠᠬᠢᠭᠤᠯᠵᠤ᠂ ︽ᠬᠤᠳᠠᠯᠳᠤᠭᠠᠨ ᠤ ᠦᠢᠯᠡᠰ ᠢ ᠦᠷᠭᠦᠯᠵᠢᠯᠡᠭᠦᠯᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠪᠣᠯᠬᠤ︾ ᠬᠠᠮᠲᠤᠷᠠᠯᠴᠠᠭᠠᠨ ᠤ ᠵᠠᠭᠪᠤᠷ ᠢ ᠨᠢᠭᠡᠳᠦᠯᠲᠡᠢ ᠲᠥᠯᠥᠪᠯᠡᠨ ᠲᠣᠭᠲᠠᠭᠠᠨ᠎ᠠ᠃ ᠰᠢᠨ᠎ᠡ ᠬᠡᠯᠪᠡᠷᠢ ᠶᠢᠨ ᠵᠠᠰᠠᠭ ᠪᠠᠩᠬᠢ ᠳᠠᠭᠠᠭᠠᠯᠲᠠ ᠶᠢᠨ ᠪᠠᠶᠢᠭᠤᠯᠤᠮᠵᠢ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠪᠠᠷ ᠪᠠᠶᠢᠭᠤᠯᠵᠤ᠂ ᠳᠠᠭᠠᠭᠠᠯᠲᠠ ᠶᠢᠨ ᠵᠣᠭᠤᠰ ᠤᠨ ᠲᠤᠭ᠎ᠠ ᠨᠢ 1000 ᠲᠦᠮᠡᠨ ᠲᠥᠭᠦᠷᠢᠭ ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠶᠢᠯᠠᠯ ᠪᠠ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤᠨ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠳᠤ ᠤᠤᠯ ᠤᠨ ᠳᠠᠭᠠᠭᠠᠯᠲᠠ ᠶᠢᠨ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠳᠠᠭᠠᠭᠠᠯᠲᠠ ᠶᠢᠨ ᠪᠦᠯᠦᠭᠯᠡᠯ᠂ ᠬᠠᠮᠲᠤᠷᠠᠯᠴᠠᠭᠠᠨ ᠤ ᠪᠠᠩᠬᠢ ᠠᠴᠠ 4᠄ 3᠄ 3 ᠶᠢᠨ ᠬᠠᠷᠢᠴᠠᠯ ᠢᠶᠠᠷ ᠣᠷᠣᠯᠠᠨ ᠳᠥᠯᠥᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠤ ᠬᠠᠮᠲᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠺᠣᠮᠫᠠᠨᠢ ᠳᠤ ᠵᠠᠰᠠᠯᠲᠠ ᠶᠢ ᠲᠡᠭᠦᠯᠳᠡᠷᠵᠢᠭᠦᠯᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠲᠠᠯ᠎ᠠ ᠪᠠᠷ ᠪᠠᠰᠠ ᠪᠣᠳᠠᠲᠠᠢ ᠱᠠᠭᠠᠷᠳᠠᠯᠭ᠎ᠠ ᠳᠤᠷᠠᠳᠪᠠ᠃      ︵ᠭᠤᠷᠪᠠ︶ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠬᠥᠷᠥᠩᠭᠡ ᠮᠥᠩᠭᠦ ᠶᠢ ᠦᠷᠭᠦᠯᠵᠢᠯᠡᠨ ᠨᠥᠬᠦᠪᠦᠷᠢᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠲᠣᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠳᠤ ᠬᠥᠷᠥᠩᠭᠡ ᠮᠥᠩᠭᠦ ᠶᠢᠨ ᠣᠷᠣᠭᠤᠯᠤᠯᠲᠠ ᠬᠢᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠶᠢ ᠳᠡᠮᠵᠢᠨ᠎ᠡ᠃ ᠳᠠᠭᠠᠳᠬᠠᠯ ᠤᠨ ᠰᠦᠢᠳᠬᠡᠯ ᠤᠨ ᠨᠥᠬᠦᠪᠦᠷᠢ᠂ ᠲᠦᠭᠰᠢᠭᠦᠷᠢ ᠶᠢᠨ ᠨᠥᠬᠦᠪᠦᠷᠢ ᠵᠡᠷᠭᠡ ᠡᠳ᠋ ᠤᠨ ᠵᠠᠰᠠᠭ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ︽ᠵᠢᠵᠢᠭ ᠠᠵᠤ ᠠᠬᠤᠶᠢᠯᠠᠯ ᠪᠠ ᠲᠠᠷᠢᠶᠠᠯᠠᠩ ᠢ ᠳᠡᠮᠵᠢᠬᠦ︾ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ ᠃ ᠤᠷᠮᠠᠰᠢᠭᠤᠯᠵᠤ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号