ᠮᠠᠨ ᠤ ᠣᠷᠣᠨ ᠤ 6 ᠬᠤᠲᠠ ᠳᠠᠬᠢᠨᠲᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2022/2/11
     2 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ 6 ᠬᠤᠲᠠ ᠳᠠᠬᠢᠨᠲᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠦᠨᠡᠯᠡᠭᠳᠡᠭᠰᠡᠨ ᠪᠥᠭᠡᠳ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠵᠦᠪᠯᠡᠯ ᠤᠨ ᠠᠯᠪᠠᠨ ᠬᠡᠷ ᠠᠴᠠ ᠵᠠᠷᠯᠠᠨ ᠰᠠᠶᠢᠰᠢᠶᠠᠪᠠ᠃ ᠣᠶᠢᠯᠠᠭᠠᠭᠰᠠᠨ ᠢᠶᠠᠷ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢᠨ ᠬᠠᠮᠢᠶ᠎ᠠ ᠪᠦᠬᠦᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠪᠣᠯᠤᠨ ᠪᠠᠷᠢᠮᠵᠢᠶ᠎ᠠ ᠶᠢ ᠦᠨᠳᠦᠰᠦᠯᠡᠨ᠂ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠵᠦᠪᠯᠡᠯ ᠤᠨ ᠠᠯᠪᠠᠨ ᠬᠡᠷ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ 2021 ᠣᠨ ᠳᠤ ᠳᠠᠬᠢᠨ ᠬᠢᠨᠠᠬᠤ ᠶᠠᠪᠤᠴᠠ ᠳᠤ ᠤᠷᠤᠭᠰᠠᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ︵ᠲᠣᠭᠤᠷᠢᠭ︶  ᠳᠤ ᠬᠢᠨᠠᠨ ᠲᠣᠭᠲᠠᠭᠠᠯᠲᠠ ᠬᠢᠵᠦ᠂ ᠡᠯ᠎ᠡ ᠭᠠᠵᠠᠷ ᠤᠨ ᠳᠡᠭᠡᠭᠰᠢ ᠮᠡᠳᠡᠭᠦᠯᠦᠭᠰᠡᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ᠰᠢᠶᠠᠨ ᠤ ᠬᠤᠲᠠ︶ ᠶᠢᠨ ᠳᠠᠬᠢᠨ ᠬᠢᠨᠠᠭᠰᠠᠨ ᠦᠷ᠎ᠡ ᠳ᠋ᠦᠩ ᠳᠤ ᠰᠤᠭᠤᠴᠢᠨ ᠪᠠᠶᠢᠴᠠᠭᠠᠯᠲᠠ ᠬᠢᠵᠦ᠂ ᠮᠠᠨ ᠤ ᠣᠷᠣᠨ ᠤ ᠪᠤᠭᠤᠲᠤ ᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠪᠠ ᠰᠢᠯᠢᠩᠬᠤᠲᠠ ᠳᠠᠬᠢᠨᠲᠠ ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠦᠨᠡᠯᠡᠭᠳᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠵᠥᠪᠯᠡᠯ ᠨᠢ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠪᠠᠬᠢᠵᠢᠭᠦᠯᠬᠦ ᠠᠵᠢᠯ ᠤᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠳᠠᠬᠢᠨ ᠬᠢᠨᠠᠭᠰᠠᠨ ᠠᠮᠵᠢᠯᠲᠠ ᠪᠦᠲᠦᠮᠵᠢ ᠨᠢ ᠲᠣᠪᠤᠶᠢᠮ᠎ᠠ ᠪᠠᠶᠢᠵᠤ᠂ ᠰᠠᠶᠢᠰᠢᠶᠠᠭᠳᠠᠨ ᠬᠦᠬᠢᠭᠦᠯᠦᠭᠳᠡᠪᠡ᠃     ᠵᠠᠷᠯᠠᠯ ᠳᠤ ᠵᠢᠭᠠᠵᠤ ᠭᠠᠷᠭᠠᠭᠰᠠᠨ ᠨᠢ᠂ ᠳᠠᠬᠢᠨ ᠬᠢᠨᠠᠭᠰᠠᠨ ᠪᠠ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠠᠴᠠ ᠦᠵᠡᠪᠡᠯ᠂ ᠡᠯ᠎ᠡ ᠭᠠᠵᠠᠷ ᠤᠨ ᠬᠢᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢᠨ ᠢᠷᠠᠭᠤ ᠠᠯᠳᠠᠷ ᠤᠨ ᠴᠣᠯᠠ ᠶᠢ ᠭᠥᠷᠳᠡᠭᠰᠡᠨ ᠤ ᠳᠠᠷᠠᠭ᠎ᠠ᠂ ᠡᠷᠡᠭᠦᠯ ᠬᠠᠮᠠᠭᠠᠯᠠᠯ ᠤᠨ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠬᠦ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠡᠷᠡᠭᠦᠯ ᠬᠠᠮᠠᠭᠠᠯᠠᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ᠂ ᠣᠯᠠᠨ ᠲᠦᠮᠡᠨ ᠤ ᠡᠷᠡᠭᠦᠯ ᠮᠡᠨᠳᠦ ᠶᠢ ᠨᠥᠯᠥᠭᠡᠯᠡᠵᠦ ᠪᠠᠶᠢᠭ᠎ᠠ ᠲᠣᠪᠤᠶᠢᠮ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠬᠤᠲᠠ ᠪᠠᠯᠭᠠᠰᠤ ᠶᠢᠨ ᠨᠡᠶᠢᠭᠡᠮ ᠤᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠵᠠᠰᠠᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠪᠠ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠲᠤ ᠪᠠᠬᠢ ᠣᠷᠴᠢᠨ ᠲᠣᠭᠤᠷᠢᠨ ᠤ ᠰᠠᠭᠤᠷᠢ ᠶᠢ ᠲᠠᠯᠪᠢᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号