2 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠨ | ᠰᠢ ᠳᠤ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠭᠤᠴᠢᠨ ᠵᠢᠷᠭᠤᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠱᠠᠨ ᠰᠢ ᠳᠤ ᠦᠨᠳᠦᠰᠦᠨ ᠱᠠᠲᠤᠨ ᠤ ᠺᠠᠳ᠋ᠷ ᠣᠯᠠᠨ | ᠲᠦᠮᠡᠨ ᠢ ᠡᠷᠬᠢᠨ ᠦᠵᠡᠵᠦ ᠲᠣᠬᠤᠨᠢᠭᠤᠯᠬᠤ ᠳᠠᠭᠠᠨ ᠴᠢᠬᠤᠯᠠ ᠵᠢᠭᠠᠪᠤᠷᠢ ᠥᠭᠭᠦᠭᠰᠡᠨ ᠨᠢ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ | ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠥᠨᠳᠥᠷᠴᠡ ᠠᠴᠠ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ | ᠠᠪᠤᠷᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠡᠨᠧᠷᠭᠢ ᠶᠢᠨ ᠬᠠᠩᠭᠠᠯᠭ᠎ᠠ ᠶᠢ | ᠪᠠᠲᠤᠯᠠᠬᠤ᠂ ᠬᠤᠣᠰ ᠨᠡᠭᠦᠷᠡᠰᠦᠲᠥ᠋ᠷᠥᠭᠴᠢ ᠶᠢ ᠪᠠᠷᠢᠮᠵᠢᠶ᠎ᠠ ᠳᠤ ᠬᠦᠷᠭᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠵᠤ ᠠᠰᠢᠭᠯᠠᠬᠤ ᠵᠡᠷᠭᠡ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ | ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠪᠣᠯ ᠨᠠᠮ ᠤᠨ ᠲᠥᠪ | ᠬᠤᠷᠢᠶᠠᠨ ᠠᠴᠠ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ | ᠪᠠᠰᠠ ᠴᠤ ᠥᠪᠥᠷ ᠮᠣᠩᠭᠤᠯ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ | ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠮᠥᠨ᠃ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠱᠠᠲᠤ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ | ᠡᠭᠦᠷᠭᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠪᠠᠨ | ᠴᠢᠩᠭᠠᠳᠬᠠᠵᠤ᠂ ᠰᠢᠰᠲ᠋ᠧᠮᠲᠦ ᠦᠵᠡᠯᠲᠡ ᠶᠢ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠤᠨ ᠪᠦᠬᠦ | ᠶᠠᠪᠤᠴᠠ ᠳᠤ ᠲᠤᠭᠤᠰᠢᠯᠠᠭᠤᠯᠵᠤ᠂ ᠬᠥᠭᠵᠢᠯᠲᠡ ᠪᠣᠯᠣᠨ ᠪᠣᠬᠢᠷᠲᠤᠯ ᠲᠠᠢ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ᠂ ᠪᠦᠬᠦᠯᠢ ᠴᠣᠭᠴᠠ ᠪᠣᠯᠣᠨ ᠬᠡᠰᠡᠭ ᠲᠠᠯ᠎ᠠ᠂ ᠠᠯᠤᠰ ᠬᠡᠳᠦ ᠶᠢᠨ ᠬᠠᠷᠠᠯᠲᠠ ᠪᠣᠯᠣᠨ ᠣᠬᠤᠷ | ᠬᠤᠭᠤᠴᠠᠭᠠᠨ ᠤ ᠬᠠᠷᠠᠯᠲᠠ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠵᠡᠷᠭᠡ ᠶᠢᠨ ᠴᠢᠬᠤᠯᠠ ᠶᠡᠭᠡ | ᠬᠠᠷᠢᠴᠠᠭ᠎ᠠ ᠶᠢ ᠵᠥᠪ ᠰᠢᠢᠳᠪᠦᠷᠢᠯᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠣᠪᠤᠶᠢᠯᠭᠠᠵᠤ᠂ ᠡᠨᠧᠷᠭᠢ ᠶᠢᠨ | ᠬᠤᠷᠣᠭᠳᠠᠯ ᠤᠨ ︽ᠬᠤᠣᠰ ᠡᠵᠡᠮᠳᠡᠯ︾ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠵᠤ ᠦᠢᠯᠡᠰ ᠤᠨ | ᠪᠦᠲᠦᠴᠡ ᠪᠠ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠴᠢᠩᠭ᠎ᠠ ᠠᠳᠬᠤᠵᠤ᠂ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠳᠤᠲᠠᠭᠤᠳᠠᠯ ᠢ ᠨᠥᠬᠦᠪᠦᠷᠢᠯᠡᠵᠦ᠂ | ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠴᠤ ᠪᠠᠭᠠᠰᠬᠠᠬᠤ ᠦᠢᠯᠡᠳᠦᠯ ᠢ ᠰᠠᠶᠢᠲᠤᠷ | ᠪᠠᠳᠠᠷᠠᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠬᠤ ᠶᠢ ᠪᠡᠶᠡᠯᠡᠭᠦᠯᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ | ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ | ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠦᠢᠯᠡᠳᠬᠦ ᠦᠢᠯᠡᠰ ᠤᠨ ᠳᠡᠭᠡᠳᠦ ᠳᠡᠰᠴᠢᠭᠦᠯᠬᠦ᠂ ᠣᠶᠤᠨᠴᠢᠯᠠᠬᠤ᠂ ᠪᠣᠬᠢᠷᠲᠤᠯ | ᠦᠭᠡᠶᠢᠵᠢᠭᠦᠯᠬᠦ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠵᠢᠴᠢ ᠢᠵᠢ ᠲᠥᠬᠦᠷᠵᠢᠭᠦᠯᠬᠦ ᠲᠥᠰᠥᠯ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠣᠭᠲᠠᠴᠠ ᠶᠢᠨ ᠰᠠᠨᠠᠯ ᠢ ᠨᠠᠶᠢᠳᠠᠪᠤᠷᠢᠵᠢᠭᠤᠯᠬᠤ ᠲᠤᠬᠠᠢ | ᠬᠡᠷᠡᠭᠵᠢᠭᠦᠯᠬᠦ ᠲᠥᠰᠥᠯ᠂ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠵᠡᠷᠭᠡ ᠵᠦᠢᠯ ᠢ ᠰᠤᠳᠤᠯᠵᠠᠢ᠃ |