ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠪᠠ ​ ᠱᠢ  ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/2/15
     2 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ 2022 ᠣᠨ ᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠤᠷᠠᠯᠳᠤᠭᠤᠯᠵᠤ᠂ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳᠤᠷᠢᠳᠬᠤ ᠳᠤᠭᠤᠶᠢᠯᠠᠩ ᠤᠨ 2021 ᠣᠨ ᠤ ᠠᠵᠢᠯ ᠤᠨ ᠪᠠᠶᠢᠳᠠᠯ ᠤᠨ ᠮᠡᠳᠡᠭᠦᠯᠦᠯᠲᠡ ᠪᠣᠯᠣᠨ 2022 ᠣᠨ ᠤ ᠠᠵᠢᠯ ᠤᠨ ᠭᠤᠣᠯᠳᠠᠯᠭ᠎ᠠ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠬᠢᠯᠡᠪᠡ᠃     ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠬᠦᠦᠳᠠᠭᠤᠯᠠ᠂ ᠾᠧ ᠶᠠᠨ ᠯᠢᠩ᠂ ᠴᠢ᠊ ᠪᠠᠲᠤ᠂ ᠯᠦᠸᠧ ᡁᠢ ᠬᠤ᠋ ᠬᠤᠷᠠᠯ ᠳᠤ ᠣᠷᠣᠯᠴᠠᠪᠠ᠃     ᠬᠤᠷᠠᠯ ᠠᠴᠠ᠂ ᠨᠢᠭᠡᠳᠦᠮᠡᠯ ᠹᠷᠣᠨᠲ ᠪᠣᠯ ᠮᠠᠨ ᠤ ᠨᠠᠮ ᠤᠨ ᠳᠠᠶᠢᠰᠤᠨ ᠢ ᠳᠠᠷᠤᠵᠤ ᠢᠯᠠᠯᠲᠠ ᠣᠯᠬᠤ᠂ ᠲᠥᠷᠥ ᠪᠠᠷᠢᠵᠤ ᠤᠯᠤᠰ ᠢᠶᠠᠨ ᠮᠠᠨᠳᠤᠭᠤᠯᠬᠤ ᠶᠢᠨ ᠴᠢᠬᠤᠯᠠ ᠡᠷᠳᠡᠨᠢ ᠮᠥᠨ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠨᠢ ᠬᠡᠵᠢᠶ᠎ᠡ ᠴᠦ ᠭᠡᠰᠡᠨ ᠴᠥᠮ ᠲᠦᠢᠯ ᠤᠨ ᠴᠢᠬᠤᠯᠠ ᠶᠤᠮ᠃ ᠡᠨᠡ ᠵᠢᠯ ᠮᠠᠨ ᠤ ᠨᠠᠮ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠣᠯᠣᠨ᠎ᠠ᠂ ᠡᠨᠡ ᠵᠢᠯ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠪᠣᠯᠣᠨ ᠪᠦᠬᠦ ᠣᠷᠣᠨ ᠤ ᠨᠢᠭᠡᠳᠦᠮᠡᠯ ᠹᠷᠣᠨᠲ ᠤᠨ ᠰᠢᠰᠲ᠋ᠧᠮ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠡᠦᠬᠡᠨ ᠡᠭᠦᠷᠭᠡᠲᠦ ᠪᠣᠳᠣᠯ ᠢᠶᠠᠨ ᠴᠢᠨᠠᠭᠰᠢᠳᠠ ᠴᠢᠩᠭᠠᠳᠬᠠᠵᠤ᠂ ᠤᠬᠠᠮᠰᠠᠷ ᠠᠴᠠ ᠪᠠᠨ ᠨᠢᠭᠡᠳᠦᠮᠡᠯ ᠹᠷᠣᠨᠲ ᠤᠨ ᠠᠵᠢᠯ ᠢ ᠪᠦᠬᠦ ᠲᠠᠯ᠎ᠠ ᠶᠢᠨ ᠠᠵᠢᠯ ᠤᠨ ᠳᠤᠮᠳᠠ ᠲᠠᠯᠪᠢᠨ ᠲᠥᠯᠥᠪᠵᠢᠭᠦᠯᠦᠨ ᠠᠬᠢᠭᠤᠯᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠪᠠᠨ ᠴᠢᠩᠭᠠᠳᠬᠠᠵᠤ᠂ ᠶᠡᠭᠡ ᠲᠠᠯ᠎ᠠ ᠳᠤ ᠬᠦᠴᠦ ᠪᠠᠨ ᠲᠥᠪᠯᠡᠷᠡᠭᠦᠯᠦᠨ ᠦᠢᠯᠡᠴᠢᠯᠡᠬᠦ ᠬᠡᠷᠡᠭᠲᠡᠢ᠃ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠳᠠᠭᠠᠵᠤ᠂ ᠬᠥᠭᠵᠢᠯᠲᠡ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠨᠢᠭᠡᠳᠦᠮᠡᠯ ᠹᠷᠣᠨᠲ ᠤᠨ ᠬᠥᠭᠵᠢᠯᠲᠡ ᠶᠢᠨ ᠵᠢᠮ᠎ᠡ ᠶᠣᠰᠣ ᠶᠢ ᠣᠨᠣᠪᠴᠢᠲᠠᠢ ᠡᠵᠡᠮᠳᠡᠵᠦ᠂ ᠨᠢᠭᠡᠳᠦᠮᠡᠯ ᠹᠷᠣᠨᠲ ᠤᠨ ᠬᠦᠷᠢᠶᠡᠨ ᠳᠠᠬᠢ ᠴᠢᠬᠤᠯᠠ ᠶᠡᠭᠡ ᠠᠰᠠᠭᠤᠳᠠᠯ ᠢ ᠭᠦᠨᠵᠡᠭᠡᠢ ᠪᠣᠳᠣᠯᠬᠢᠯᠠᠵᠤ᠂ ᠨᠢᠭᠡᠳᠦᠮᠡᠯ ᠹᠷᠣᠨᠲ ᠤᠨ ᠠᠵᠢᠯ ᠢ ᠠᠳᠬᠤᠬᠤ ᠰᠡᠳᠬᠢᠴᠡ ᠠᠷᠭ᠎ᠠ ᠬᠡᠮᠵᠢᠶ᠎ᠡ ᠪᠣᠯᠣᠨ ᠡᠭᠦᠷᠭᠡ ᠱᠠᠭᠠᠷᠳᠠᠯᠭ᠎ᠠ ᠶᠢ ᠨᠡᠩ ᠰᠢᠨᠵᠢᠯᠡᠬᠦ ᠤᠬᠠᠭᠠᠨᠴᠢ ᠪᠦᠲᠦᠮᠵᠢᠲᠡᠢ᠂ ᠨᠠᠷᠢᠯᠢᠭ ᠣᠨᠣᠪᠴᠢᠲᠠᠢ ᠲᠥᠯᠥᠪᠵᠢᠭᠦᠯᠵᠦ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠤᠯᠤᠰ ᠲᠥᠷᠥ ᠶᠢᠨ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠬᠥᠮᠥᠰ ᠤᠨ ᠰᠡᠳᠬᠢᠯ ᠬᠦᠴᠦᠨ ᠴᠢᠳᠠᠯ ᠢ ᠨᠡᠩ ᠰᠠᠶᠢᠲᠤᠷ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠭᠵᠢᠷᠡᠯ ᠢ ᠡᠪᠳᠡᠵᠦ᠂ ᠨᠢᠭᠡᠳᠦᠮᠡᠯ ᠹᠷᠣᠨᠲ ᠤᠨ ᠬᠦᠷᠢᠶᠡᠨ ᠳᠠᠬᠢ ᠠᠶᠤᠯ ᠲᠦᠭᠰᠢᠭᠦᠷᠢ ᠥᠷᠢᠰᠦᠯᠳᠦᠭᠡᠨ ᠢ ᠡᠷᠡᠰ ᠰᠡᠷᠭᠡᠶᠢᠯᠡᠨ ᠠᠷᠢᠯᠭᠠᠵᠤ᠂ ᠪᠦᠬᠦ ᠣᠷᠣᠨ ᠤ ᠨᠢᠭᠡᠳᠦᠮᠡᠯ ᠹᠷᠣᠨᠲ ᠤᠨ ᠠᠵᠢᠯ ᠢ ᠴᠢᠨᠠᠷ ᠰᠠᠶᠢᠲᠠᠢ ᠥᠷᠨᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠤᠯᠬᠤ ᠲᠠᠢ ᠨᠢᠭᠲᠠ ᠤᠶᠠᠯᠳᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠠᠷ ᠪᠦᠲᠦᠮᠵᠢᠲᠡᠢ ᠠᠬᠢᠭᠤᠯᠵᠤ᠂ ᠨᠢᠭᠡᠳᠦᠮᠡᠯ ᠹᠷᠣᠨᠲ ᠤᠨ ᠺᠠᠳ᠋ᠷ ᠪᠣᠯᠣᠨ ᠨᠢᠭᠡᠳᠦᠮᠡᠯ ᠹᠷᠣᠨᠲ ᠤᠨ ᠪᠦᠷᠢᠯᠳᠦᠬᠦᠨ ᠢ ᠬᠥᠲᠥᠯᠥᠨ ᠵᠢᠯᠣᠭᠤᠳᠴᠤ ᠪᠠᠶᠢᠭᠠᠳ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ ᠬᠡᠷᠡᠭᠲᠡᠢ᠃ ᠨᠢᠭᠡᠳᠦᠮᠡᠯ ᠹᠷᠣᠨᠲ ᠤᠨ ᠪᠦᠷᠢᠯᠳᠦᠬᠦᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠶᠡᠭᠡ ᠲᠠᠯ᠎ᠠ ᠳᠤ ᠦᠢᠯᠡᠴᠢᠯᠡᠬᠦ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠢ ᠣᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠤᠷ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠯ᠎ᠡ ᠵᠦᠢᠯ ᠤᠨ ᠠᠵᠢᠯ ᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠬᠥᠮᠥᠵᠢᠯ᠂ ᠤᠬᠠᠭᠤᠯᠤᠨ ᠬᠥᠲᠥᠯᠬᠦ᠂ ᠣᠨᠣᠯ ᠤᠨ ᠰᠤᠳᠤᠯᠭᠠᠨ ᠠᠴᠠ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠬᠦᠷᠲᠡᠯᠡᠬᠢ ᠡᠯ᠎ᠡ ᠵᠦᠢᠯ ᠤᠨ ᠠᠵᠢᠯ ᠢ ᠴᠥᠮ ᠪᠣᠳᠠᠲᠠᠢ ᠠᠳᠬᠤᠵᠤ᠂ ᠨᠠᠷᠢᠨ ᠨᠢᠮᠪᠠᠢ ᠬᠢᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠤᠷᠤᠭᠤ ᠶᠢ ᠵᠠᠯᠠᠷᠠᠭᠤᠯᠵᠤ ᠵᠥᠪ ᠴᠢᠭᠯᠡᠯ ᠢᠶᠠᠷ ᠬᠥᠭᠵᠢᠬᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠠᠬᠢᠭᠤᠯᠵᠤ᠂ ᠤᠳᠠᠭᠠᠨ ᠳᠠᠭᠠᠭᠠᠮᠠᠭᠠᠢ ᠴᠢᠷᠮᠠᠶᠢᠬᠤ ᠮᠥᠷᠲᠡᠭᠡᠨ ᠪᠠᠰᠠ ᠡᠳᠦᠷ ᠪᠦᠷᠢ ᠳᠠᠪᠲᠠᠨ ᠪᠣᠯᠪᠠᠰᠤᠷᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠦᠨᠡᠨ ᠬᠦ ᠬᠡᠯᠪᠡᠷᠢ ᠲᠠᠢ᠂ ᠰᠡᠳᠬᠢᠯᠭᠡ ᠲᠠᠢ᠂ ᠪᠦᠲᠦᠮᠵᠢᠲᠡᠢ ᠥᠷᠨᠢᠭᠦᠯᠵᠦ᠂ ᠶᠠᠭᠠᠬᠢᠭᠰᠠᠨ ᠴᠤ ᠥᠩᠭᠡᠨ ᠲᠠᠯ᠎ᠠ ᠳᠤ ᠬᠥᠪᠴᠦ᠂ ᠶᠠᠷᠢᠭᠠᠳ ᠯᠠ ᠵᠣᠭᠰᠣᠵᠤ ᠪᠣᠯᠬᠤ ᠦᠭᠡᠢ᠂ ᠳᠥᠭᠦᠮᠴᠢᠯᠡᠬᠦ᠂ ᠨᠢᠭᠡ ᠠᠳᠠᠯᠢ ᠪᠠᠷ ᠱᠠᠭᠠᠷᠳᠠᠬᠤ᠂ ︽ᠳᠡᠭᠡᠷ᠎ᠡ ᠳᠣᠣᠷ᠎ᠠ ᠨᠢ ᠠᠳᠠᠯᠢᠬᠠᠨ︾ ᠪᠣᠯᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠢ ᠭᠦᠨᠵᠡᠭᠡᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠦᠵᠡᠯ ᠰᠠᠨᠠᠭᠠᠨ ᠤ ᠵᠢᠯᠣᠭᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠠᠨᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠲᠤᠰᠬᠠᠵᠤ᠂ ᠲᠡᠳᠡᠨ ᠢ ᠦᠨᠡᠨ ᠬᠦ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠥᠷᠭᠡᠨ ᠣᠯᠠᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠬᠥᠭᠵᠢᠯᠲᠡ ᠶᠢᠨ ᠶᠡᠭᠡ ᠬᠠᠨᠳᠤᠰᠢ ᠶᠢ ᠨᠡᠩ ᠰᠠᠶᠢᠲᠤᠷ ᠡᠵᠡᠮᠳᠡᠭᠦᠯᠵᠦ᠂ ᠬᠥᠭᠵᠢᠯᠲᠡ ᠶᠢᠨ ᠢᠲᠡᠭᠡᠯ ᠵᠣᠷᠢᠭ ᠢ ᠨᠢ ᠪᠠᠲᠤᠳᠬᠠᠨ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠯᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠢᠨ ᠤ ᠡᠭᠦᠷᠭᠡ ᠴᠢᠳᠠᠪᠬᠢ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠳᠡᠮᠵᠢᠵᠦ᠂ ᠱᠠᠰᠢᠨ ᠰᠤᠷᠲᠠᠬᠤᠨ ᠬᠢᠭᠡᠳ ᠨᠡᠶᠢᠭᠡᠮ ᠵᠢᠷᠤᠮᠲᠤ ᠨᠡᠶᠢᠭᠡᠮ ᠤᠨ ᠬᠠᠷᠢᠯᠴᠠᠨ ᠵᠣᠬᠢᠴᠠᠯᠳᠤᠬᠤ ᠶᠢ ᠢᠳᠡᠪᠬᠢᠲᠡᠢ ᠬᠥᠲᠥᠯᠥᠨ ᠵᠢᠯᠣᠭᠤᠳᠴᠤ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠤᠨ ᠡᠩᠨᠡᠭᠡᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠶᠠᠩᠭᠠᠩ ᠣᠣᠮᠧᠨ ᠲᠠᠶᠢᠸᠠᠨ ᠤ ᠠᠬ᠎ᠠ ᠳᠡᠭᠦᠦ ᠨᠠᠷ ᠪᠣᠯᠣᠨ ᠭᠠᠳᠠᠭᠠᠳᠤ ᠳᠤ ᠪᠠᠶᠢᠭ᠎ᠠ ᠳᠤᠮᠳᠠᠳᠤ ᠶᠢᠨ ᠬᠠᠷᠢᠶᠠᠲᠤ ᠨᠠᠷ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠢᠳᠡᠪᠬᠢᠲᠡᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠠᠵᠢᠯ ᠤᠨ ᠵᠣᠬᠢᠴᠠᠩᠭᠤᠢ ᠪᠠᠷ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠨᠢᠭᠡᠳᠦᠮᠡᠯ ᠹᠷᠣᠨᠲ ᠤᠨ ᠲᠤᠬᠠᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠤᠯᠤᠰ ᠲᠥᠷᠥ ᠶᠢᠨ ᠱᠠᠭᠠᠷᠳᠠᠯᠭ᠎ᠠ ᠶᠢ ᠦᠨᠡᠨ ᠬᠦ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠡᠩ ᠲᠡᠷᠢᠭᠦᠨ ᠳᠤ ᠬᠠᠷᠢᠭᠤᠴᠠᠯᠭ᠎ᠠ ᠡᠭᠦᠷᠭᠡᠯᠡᠵᠦ᠂ ᠬᠦᠨᠳᠦ ᠡᠭᠦᠷᠭᠡ ᠶᠢ ᠡᠭᠦᠷᠭᠡᠯᠡᠵᠦ᠂ ᠴᠢᠬᠤᠯᠠ ᠶᠡᠭᠡ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠴᠢᠬᠤᠯᠠ ᠠᠵᠢᠯ ᠢ ᠪᠠᠶᠢᠷᠢᠯᠠᠭᠤᠯᠵᠤ᠂ ᠰᠢᠢᠳᠪᠦᠷᠢᠲᠦ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠢᠭᠡᠳᠦᠮᠡᠯ ᠹᠷᠣᠨᠲ ᠤᠨ ᠬᠡᠯᠲᠡᠰ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠨᠢᠭᠡᠳᠦᠮᠡᠯ ᠹᠷᠣᠨᠲ ᠤᠨ ᠠᠵᠢᠯ ᠤᠨ ᠶᠡᠭᠡ ᠪᠠᠶᠢᠷᠢᠰᠢᠯ ᠢ ᠦᠨᠡᠨ ᠬᠦ ᠪᠠᠶᠢᠭᠤᠯᠤᠨ ᠪᠦᠷᠢᠯᠳᠦᠭᠦᠯᠬᠦ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠤᠬᠠᠮᠰᠠᠷ ᠠᠴᠠ ᠪᠠᠨ ᠤᠯᠤᠰ ᠲᠥᠷᠥ ᠪᠠ ᠪᠦᠬᠦ ᠲᠠᠯ᠎ᠠ ᠶᠢᠨ ᠥᠨᠳᠥᠷᠴᠡ ᠠᠴᠠ ᠨᠢᠭᠡᠳᠦᠮᠡᠯ ᠹᠷᠣᠨᠲ ᠢ ᠦᠵᠡᠵᠦ᠂ ᠨᠢᠭᠡᠳᠦᠮᠡᠯ ᠹᠷᠣᠨᠲ ᠢ ᠲᠥᠯᠥᠪᠵᠢᠭᠦᠯᠵᠦ᠂ ᠨᠢᠭᠡᠳᠦᠮᠡᠯ ᠹᠷᠣᠨᠲ ᠢ ᠠᠳᠬᠤᠵᠤ᠂ ᠡᠭᠦᠷᠭᠡᠯᠡᠬᠦ ᠶᠣᠰᠣᠲᠠᠢ ᠬᠠᠷᠢᠭᠤᠴᠠᠯᠭ᠎ᠠ ᠪᠠᠨ ᠡᠭᠦᠷᠭᠡᠯᠡᠵᠦ᠂ ᠠᠳᠬᠤᠬᠤ ᠶᠣᠰᠣᠲᠠᠢ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠥᠨᠳᠥᠷ ᠪᠦᠲᠦᠮᠵᠢᠲᠡᠢ ᠪᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠡᠮᠬᠢ ᠵᠢᠷᠤᠮ  ᠲᠠᠢ ᠠᠵᠢᠯᠯᠠᠵᠤ᠂ ᠪᠠᠶᠢᠭᠤᠯᠤᠮᠵᠢ ᠬᠤᠭᠤᠰᠤᠨ ᠡᠷᠭᠢᠯᠳᠦᠵᠦ᠂ ᠬᠠᠷᠢᠭᠤᠴᠠᠯᠭ᠎ᠠ ᠬᠤᠭᠤᠰᠤᠨ ᠪᠣᠯᠬᠤ ᠶᠢ ᠰᠡᠷᠭᠡᠶᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠰᠤᠳᠤᠯᠤᠨ ᠲᠥᠯᠥᠪᠵᠢᠭᠦᠯᠬᠦ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠬᠤᠯᠠᠴᠢᠯᠠᠵᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠨ ᠳᠤ ᠰᠢᠨ᠎ᠡ ᠪᠠᠷ ᠲᠣᠮᠢᠯᠠᠭᠳᠠᠭᠰᠠᠨ ᠺᠠᠳ᠋ᠷᠴᠤᠳ ᠣᠨᠣᠯ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠡᠪ ᠪᠣᠯᠪᠠᠰᠤᠷᠠᠯ᠂ ᠣᠨᠣᠯ ᠤᠨ ᠲᠦᠪᠰᠢᠨ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠦᠢᠯᠡᠳᠦᠯᠭᠡ ᠶᠢᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠦᠨᠡᠨ ᠬᠦ ᠰᠠᠶᠢᠲᠤᠷ ᠠᠳᠬᠤᠵᠤ ᠰᠠᠶᠢᠲᠤᠷ ᠬᠠᠮᠢᠶᠠᠷᠴᠤ ᠴᠢᠳᠠᠬᠤ ᠮᠡᠷᠭᠡᠵᠢᠯᠲᠡᠨ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号