ᠨᠢᠭᠡ ᠳᠤ ᠭᠠᠮᠰᠢᠭ ᠤᠨ ᠪᠠᠶᠢᠳᠠᠯ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ ᠢ ᠵᠢᠷᠣᠮᠵᠢᠭᠤᠯᠪᠠ᠃ | ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠯᠤᠭ᠎ᠠ ᠭᠠᠮᠰᠢᠭ ᠤᠨ ᠪᠠᠶᠢᠳᠠᠯ ᠢ ᠬᠠᠷᠭᠤᠭᠤᠯᠤᠨ ᠮᠡᠳᠡᠭᠦᠯᠬᠦ | ᠲᠣᠭᠲᠠᠴᠠ ᠶᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠢ ᠳᠡᠭᠡᠭᠰᠢ ᠮᠡᠳᠡᠭᠦᠯᠬᠦ᠂ ᠬᠢᠨᠠᠨ ᠬᠠᠷᠭᠤᠭᠤᠯᠬᠤ᠂ ᠠᠪᠤᠷᠠᠨ | ᠲᠤᠰᠠᠯᠠᠬᠤ ᠬᠤᠷᠳᠤᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠦᠢᠯᠡᠳᠪᠦᠷᠢᠯᠡᠯ | ᠠᠮᠢᠳᠤᠷᠠᠯ ᠳᠤ ᠦᠵᠡᠭᠦᠯᠬᠦ ᠪᠠᠶᠢᠭᠠᠯᠢ ᠶᠢᠨ ᠭᠠᠮᠰᠢᠭ ᠤᠨ ᠨᠥᠯᠥᠭᠡ ᠶᠢ ᠬᠠᠮᠤᠭ ᠤᠨ ᠲᠦᠷᠭᠡᠨ ᠬᠤᠷᠳᠤᠴᠠ ᠪᠠᠷ | ᠪᠠᠭᠠᠰᠬᠠᠪᠠ᠃ | ᠬᠤᠶᠠᠷ ᠲᠤ ᠪᠠᠶᠢᠭᠠᠯᠢ ᠶᠢᠨ ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ | ᠪᠠᠶᠢᠴᠠᠭᠠᠬᠤ ᠠᠵᠢᠯ ᠢ ᠦᠷᠨᠢᠭᠦᠯᠪᠠ᠃ ᠥᠪᠡᠷᠲᠡᠭᠡᠨ ᠵᠠᠰᠠᠬᠤ ᠣᠷᠣᠨ ᠠᠴᠠ ᠮᠠᠨ ᠤ ᠰᠢᠶᠠᠨ ᠢ ᠤᠯᠠᠭᠠᠨᠬᠠᠳᠠ | ᠬᠤᠲᠠ ᠶᠢᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ | ᠭᠤᠣᠯᠳᠠᠯᠭ᠎ᠠ ᠲᠠᠢ ᠲᠦᠯᠬᠢᠨ ᠠᠬᠢᠭᠤᠯᠬᠤ 3 ᠰᠢᠶᠠᠨ ᠤ ᠨᠢᠭᠡ ᠪᠠᠷ ᠲᠣᠭᠲᠠᠭᠠᠭᠰᠠᠨ ᠪᠠᠶᠢᠨ᠎ᠠ᠃ ᠰᠢᠶᠠᠨ ᠠᠴᠠ | ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠪᠠ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠢ ᠪᠠᠶᠢᠭᠤᠯᠵᠤ᠂ 28 ᠨᠢᠭᠡᠴᠡ ᠶᠢ ᠬᠠᠮᠤᠷᠴᠤ᠂ ᠣᠳᠣᠬᠠᠨ ᠳᠤ ᠪᠠᠴᠢᠮ ᠪᠠᠶᠢᠳᠠᠯ ᠢ | ᠠᠷᠭᠠᠴᠠᠬᠤ᠂ ᠴᠠᠭ ᠠᠭᠤᠷ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠣᠶ ᠰᠢᠭᠤᠢ ᠡᠪᠡᠰᠦ ᠪᠡᠯᠴᠢᠭᠡᠷ ᠵᠡᠷᠭᠡ | ᠭᠤᠣᠯᠳᠠᠯᠭ᠎ᠠ ᠲᠠᠢ ᠰᠠᠯᠠᠭ᠎ᠠ ᠮᠥᠴᠢᠷ ᠤᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢᠨ ᠬᠡᠮᠵᠢᠶ᠎ᠡ ᠶᠢ ᠴᠥᠮ | ᠪᠡᠶᠡᠯᠡᠭᠦᠯᠪᠡ᠃ | ᠭᠤᠷᠪᠠ ᠳᠤ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠠᠷᠬᠠᠭᠠᠬᠤ ᠠᠵᠢᠯ ᠢ ᠢᠳᠡᠪᠬᠢᠲᠡᠢ ᠥᠷᠨᠢᠭᠦᠯᠪᠡ᠃ | ᠣᠲᠣ ᠪᠣᠯᠲᠠᠯ᠎ᠠ᠂ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠨᠡᠶᠢᠲᠡ 218.1 | ᠲᠦᠮᠡᠨ ᠲᠥᠭᠦᠷᠢᠭ ᠲᠠᠷᠬᠠᠭᠠᠵᠤ᠂ ᠭᠠᠮᠰᠢᠭ ᠠᠴᠠ ᠪᠣᠯᠵᠤ ᠬᠦᠴᠢᠷᠳᠡᠯ ᠳᠤ ᠣᠷᠣᠭᠰᠠᠨ 5885 ᠡᠷᠦᠬᠡ 8621 | ᠬᠥᠮᠥᠨ ᠢ ᠠᠪᠤᠷᠠᠨ ᠲᠤᠰᠠᠯᠠᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠶ | ᠪᠠᠲᠤᠯᠠᠪᠠ᠃ |