ᠯᠢᠨᠰᠢ ᠰᠢᠶᠠᠨ ᠤ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠵᠠᠢ
ᠨᠡᠶᠢᠲᠡᠯᠡᠭᠰᠡᠨ ᠴᠠᠭ᠄
2022/4/1
     ᠨᠢᠭᠡ ᠳᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠠᠩᠰᠠ ᠶᠢ ᠪᠠᠶᠢᠭᠤᠯᠵᠠᠢ᠃ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠶᠢᠨ ᠡᠭᠦᠳᠡᠨ ᠡᠮᠨᠡᠯᠭᠡ ᠭᠠᠷᠭᠠᠵᠤ᠂ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ 26954 ᠢ ᠪᠠᠶᠢᠭᠤᠯᠵᠤ᠂ 13611 ᠬᠥᠮᠥᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ 15949 ᠬᠥᠮᠥᠨ ᠳᠤ ᠰᠦᠢᠳᠬᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠪᠡ᠃     ᠬᠤᠶᠠᠷ ᠲᠤ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠨᠢᠭᠦᠯᠪᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ 7 ᠶᠡᠭᠡ ᠲᠥᠷᠥᠯ ᠵᠦᠢᠯ᠂ 22 ᠪᠠᠭ᠎ᠠ ᠲᠥᠷᠥᠯ ᠵᠦᠢᠯ᠂ 62 ᠭᠦᠢᠴᠡᠳᠬᠡᠯ ᠲᠤᠭ᠎ᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠦᠨᠳᠦᠰᠦᠨ ᠳᠡᠭᠡᠨ ᠭᠦᠷᠦᠭᠰᠡᠨ ᠪᠠᠶᠢᠨ᠎ᠠ᠃     ᠭᠤᠷᠪᠠ ᠳᠤ ᠰᠢᠬᠢᠷ ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠪᠠ᠃ 2 ᠬᠡᠯᠪᠡᠷᠢ ᠶᠢᠨ ᠰᠢᠬᠢᠷ ᠰᠢᠵᠢᠩ ᠡᠪᠡᠳᠴᠢᠲᠡᠨ 3391 ᠬᠥᠮᠥᠨ ᠢ ᠵᠢᠷᠤᠮᠵᠢᠭᠤᠯᠤᠨ ᠬᠠᠮᠢᠶᠠᠷᠴᠤ᠂ ᠵᠢᠷᠤᠮᠵᠢᠭᠤᠯᠤᠨ ᠬᠠᠮᠢᠶᠠᠷᠬᠤ ᠨᠣᠷᠮ᠎ᠠ ᠨᠢ 90.67% ᠳᠤ ᠬᠦᠷᠬᠦ ᠶᠢᠨ ᠬᠠᠮᠲᠤ ᠵᠢᠯ ᠪᠦᠷᠢ ᠨᠢᠭᠡ ᠤᠳᠠᠭ᠎ᠠ ᠡᠩ ᠤᠨ ᠪᠡᠶ᠎ᠡ ᠶᠢᠨ ᠪᠠᠶᠢᠴᠠᠭᠠᠯᠲᠠ᠂ 4 ᠤᠳᠠᠭ᠎ᠠ  ᠴᠢᠰᠤᠨ ᠰᠢᠬᠢᠷ ᠢ ᠪᠠᠶᠢᠴᠠᠭᠠᠬᠤ ᠵᠢᠴᠢ 4 ᠤᠳᠠᠭ᠎ᠠ ᠡᠷᠡᠭᠦᠯ ᠮᠡᠨᠳᠦ ᠶᠢᠨ ᠪᠠᠶᠢᠴᠠᠭᠠᠯᠲᠠ ᠪᠠ ᠡᠷᠡᠭᠦᠯ ᠮᠡᠨᠳᠦ ᠶᠢᠨ ᠵᠢᠯᠣᠭᠤᠳᠤᠯᠭ᠎ᠠ ᠬᠠᠩᠭᠠᠨ᠎ᠠ᠃     ᠳᠥᠷᠪᠡ ᠳᠤ ᠤᠳᠠᠭᠠᠨ ᠴᠢᠨᠠᠷᠲᠠᠢ ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠢ ᠡᠮᠨᠡᠨ ᠵᠠᠰᠠᠬᠤ ᠴᠢᠳᠠᠪᠤᠷᠢ ᠶᠢ ᠴᠢᠩᠭᠠᠷᠠᠭᠤᠯᠪᠠ᠃ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠴᠥᠮ ᠠᠭᠤᠰᠬᠢᠨ ᠤ ᠴᠢᠳᠠᠮᠵᠢ ᠶᠢ ᠪᠠᠶᠢᠴᠠᠭᠠᠬᠤ ᠪᠠᠭᠠᠵᠢ ᠲᠣᠬᠢᠷᠠᠭᠤᠯᠬᠤ ᠶᠢᠨ ᠬᠠᠮᠲᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ 17 ᠬᠥᠮᠥᠨ ᠢ ᠰᠣᠩᠭᠤᠨ ᠲᠣᠮᠢᠯᠠᠵᠤ ᠬᠤᠲᠠ ᠶᠢᠨ ᠳᠡᠰ ᠤᠨ ᠦᠨᠳᠦᠰᠦᠨ ᠱᠠᠲᠤᠨ ᠤ ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠠᠩᠬᠠᠨ ᠤ ᠬᠤᠭᠤᠴᠠᠭᠠᠨ ᠤ ᠰᠢᠭᠰᠢᠨ ᠪᠠᠶᠢᠴᠠᠭᠠᠯᠲᠠ ᠪᠠ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠴᠥᠮ ᠰᠤᠷᠤᠯᠭ᠎ᠠ ᠲᠡᠭᠦᠰᠦᠭᠰᠡᠨ ᠦᠨᠡᠮᠯᠡᠯ ᠣᠯᠣᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号