ᠯᠢᠨᠰᠢ ᠰᠢᠶᠠᠨ ᠤ ᠭᠤᠸᠠᠨᠳᠢ ᠪᠠᠯᠭᠠᠰᠣ ᠣᠢ ᠶᠢᠨ ᠵᠢᠮᠢᠰ ᠤᠨ ᠠᠵᠤ ᠠᠬᠤᠶ ᠶᠢ ᠬᠦᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2022/4/13
      ᠭᠤᠸᠠᠨᠳᠢ ᠪᠠᠯᠭᠠᠰᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠦᠨ︾ ᠭᠡᠬᠦ ᠭᠤᠤᠯ ᠰᠢᠵᠢᠮ ᠢ ᠴᠢᠩᠭ᠎ᠠ ᠡᠵᠡᠮᠳᠡᠵᠦ᠂ ︽ᠠᠵᠤ ᠦᠶᠯᠡᠰ ᠰᠢᠯᠢᠳᠡᠭ᠂ ᠠᠮᠢ ᠠᠬᠤᠶ ᠭᠤᠶᠣ᠂ ᠠᠷᠠᠳ ᠢᠷᠭᠡᠳ ᠪᠠᠶᠠᠨ︾ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠶ ᠰᠦᠪᠡᠭᠴᠢᠯᠡᠵᠦ᠂ ᠤᠨᠠᠯᠲᠠ ᠳᠣᠤᠷ᠎ᠠ ᠦᠷ᠎ᠡ ᠠᠰᠢᠭ ᠳᠣᠤᠷ᠎ᠠ ᠭᠠᠵᠠᠷ ᠰᠢᠷᠣᠶ ᠳᠤ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠬᠢᠵᠦ ᠂ 3400 ᠭᠠᠷᠤᠶ ᠮᠥ ᠲᠥᠪᠯᠡᠷᠡᠨ ᠵᠠᠯᠭᠠᠯᠳᠤᠭᠰᠠᠨ ᠠᠵᠤ ᠠᠬᠤᠶ ᠶᠢᠨ ᠣᠶ ᠶᠢ ᠲᠦᠷᠦᠭᠦᠯᠡᠨ ᠬᠥᠭᠵᠢᠭᠦᠯᠵᠦ᠂ 336 ᠡᠷᠦᠬᠡ ᠶᠢᠨ 688 ᠬᠥᠮᠦᠨ ᠢ ᠳᠠᠶᠢᠴᠢᠯᠠᠵᠤ᠂ ᠡᠯᠡᠰᠦᠨ ᠵᠢᠮᠢᠰ᠂ ᠥᠪᠥᠷ ᠮᠣᠩᠭᠤᠯ ᠤᠨ ᠬᠡᠭᠡᠷ᠎ᠡ ᠶᠢᠨ ᠵᠢᠮᠢᠰ ᠵᠡᠷᠭᠡ ᠶᠢ ᠵᠠᠶᠢᠯᠠᠬᠤ ᠪᠠᠷ ᠭᠤᠤᠯ ᠪᠣᠯᠭᠠᠪᠠ᠃ ᠬᠦᠴᠦᠨ ᠢᠶᠠᠨ ᠲᠥᠪᠯᠡᠷᠡᠭᠦᠯᠦᠨ᠂ ᠲᠠᠪᠤ ᠶᠢ ᠨᠢᠭᠡᠳᠦᠯᠲᠡᠶ ᠬᠠᠮᠢᠶᠠᠷᠬᠤ ᠬᠡᠯᠪᠡᠷᠢ ᠶᠢ ᠬᠡᠷᠡᠭᠵᠢᠭᠦᠯᠪᠡ᠂ ᠲᠤᠬᠠᠶᠢᠯᠠᠪᠠᠯ ︽ᠨᠢᠭᠡᠳᠦᠯᠲᠡᠶ ᠲᠥᠯᠥᠪᠵᠢᠭᠦᠯᠦᠨ ᠵᠢᠷᠤᠵᠤ ᠲᠥᠯᠥᠪᠯᠡᠬᠦ᠂ ᠨᠢᠭᠡᠳᠦᠯᠲᠡᠶ ᠪᠠᠷ ᠭᠠᠵᠠᠷ ᠲᠡᠭᠰᠢᠯᠡᠨ ᠪᠠᠷᠢᠯᠭ᠎ᠠ ᠪᠠᠷᠢᠬᠤ᠂ ᠨᠢᠭᠡᠳᠦᠯᠲᠡᠶ ᠪᠠᠷ ᠴᠢᠬᠢ ᠮᠣᠳᠣ ᠬᠤᠳᠠᠯᠳᠤᠨ ᠠᠪᠬᠤ᠂ ᠨᠢᠭᠡᠳᠦᠯᠲᠡᠶ ᠲᠠᠷᠢᠬᠤ ᠮᠡᠷᠭᠡᠵᠢᠯ ᠬᠡᠷᠡᠭᠯᠡᠬᠦ᠂ ᠨᠢᠭᠡᠳᠦᠯᠲᠡᠶ ᠵᠣᠬᠢᠴᠠᠭᠤᠯᠤᠨ ᠬᠠᠮᠢᠶᠠᠷᠬᠤ︾ ᠪᠣᠯᠤᠨ᠎ᠠ᠃ ᠨᠠᠮ ᠤᠨ ᠭᠡᠰᠢᠭᠦᠨ ᠺᠠᠳ᠋ᠷ ᠪᠦᠯᠦᠭ ᠬᠤᠪᠢᠶᠠᠨ ᠳᠠᠭᠠᠭᠠᠴᠢᠯᠠᠵᠣ ᠠᠵᠤ ᠠᠬᠤᠶ ᠶᠢᠨ ᠣᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠶᠯ ᠤᠨ ᠠᠵᠢᠯ ᠢ ᠬᠢᠵᠦ᠂ ᠤᠯᠠᠷᠢᠯ ᠪᠠ ᠴᠠᠭ ᠤᠨ ᠵᠠᠩᠭᠢᠶᠠᠰᠤ ᠶᠢ ᠦᠨᠳᠦᠰᠦᠯᠡᠨ᠂ ᠣᠷᠣᠨ ᠪᠦᠰᠡ ᠶᠢᠨ ᠳᠣᠲᠣᠷᠠᠬᠢ ᠪᠣᠶ ᠪᠥᠬᠦᠶ ᠵᠢᠮᠢᠰ ᠤᠨ ᠮᠣᠳᠣ ᠶᠢ ᠬᠠᠨᠳᠤᠯᠭᠠᠲᠤ ᠴᠢᠨᠠᠷᠲᠠᠶ᠂  ᠦᠯᠡᠳᠡᠭᠡᠯ ᠦᠭᠡᠢ ᠨᠢᠭᠡᠳᠦᠯᠲᠡᠶ ᠪᠠᠷ ᠬᠢᠷᠭᠠᠵᠤ ᠵᠠᠰᠠᠬᠤ᠂ ᠡᠮ ᠴᠣᠬᠢᠬᠤ ᠪᠠ ᠪᠣᠷᠲᠣᠭᠤᠷ ᠣᠷᠣᠭᠤᠯᠬᠤ ᠠᠵᠢᠯ ᠢ ᠬᠢᠵᠦ᠂ ᠠᠵᠤ ᠠᠬᠤᠶ ᠶᠢᠨ ᠣᠶ ᠶᠢᠨ ᠠᠵᠤ ᠦᠶᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠡᠯᠪᠡᠭ ᠵᠢᠮᠢᠰᠯᠡᠬᠦ ᠬᠤᠭᠤᠴᠠᠭᠠᠨ ᠳᠤ ᠮᠥ ᠪᠦᠷᠢ ᠶᠢᠨ ᠤᠨᠠᠯᠲᠠ 4000 ᠵᠢᠩ ᠠᠴᠠ ᠳᠡᠭᠡᠭᠰᠢ ᠳᠤ ᠬᠦᠷᠴᠦ᠂ ᠮᠥ ᠪᠦᠷᠢ ᠶᠢᠨ ᠳᠤᠮᠳᠠᠴᠢ ᠠᠰᠢᠭ ᠣᠷᠣᠯᠭ᠎ᠠ 3000 ᠲᠥᠭᠦᠷᠢᠭ ᠲᠤ ᠬᠦᠷᠴᠡᠶ᠃ ᠡᠭᠦᠨ ᠤ ᠬᠠᠮᠲᠤ ᠣᠶ ᠰᠢᠭᠤᠶ  ᠶᠢᠨ ᠣᠷᠣᠨ ᠵᠠᠶ ᠶᠢᠨ ᠳᠠᠪᠠᠭᠤᠯᠢᠭ ᠢ ᠠᠰᠢᠭᠯᠠᠨ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠵᠤ᠂ ᠤᠯᠠᠭᠠᠨ ᠯᠠᠵᠤᠤ᠂ ᠰᠢᠷ᠎ᠠ ᠪᠤᠷᠴᠠᠭ ᠵᠡᠷᠭᠡ ᠪᠣᠭᠤᠨᠢ ᠪᠤᠲᠠᠯᠢᠭ ᠲᠠᠷᠢᠮᠠᠯ ᠳᠠᠷᠢᠵᠤ᠂ ᠣᠶ ᠶᠢᠨ ᠬᠤᠷᠮᠣᠶ ᠶᠢᠨ ᠠᠵᠤ ᠠᠬᠤᠶ ᠶᠢ ᠬᠥᠭᠵᠢᠭᠦᠯᠦᠨ᠂ ᠡᠯᠪᠡᠭ ᠵᠢᠮᠢᠰᠯᠡᠬᠦ ᠬᠤᠭᠤᠴᠠᠭ᠎ᠠ ᠠᠴᠠ ᠡᠮᠦᠨᠡᠬᠢ ᠠᠵᠤ ᠠᠬᠤᠶ ᠶᠢᠨ ᠣᠶ ᠶᠢᠨ ᠪᠠᠯᠠ ᠮᠥᠩᠭᠦ ᠶᠢᠨ ᠬᠠᠮᠢᠶᠠᠷᠤᠯᠲᠠ ᠬᠠᠮᠠᠭᠠᠯᠠᠯᠲᠠ ᠶᠢ ᠪᠠᠲᠤᠯᠠᠵᠤ᠂ ᠲᠠᠷᠢᠶᠠᠴᠢᠳ ᠤᠨ ᠦᠷᠭᠦᠯᠵᠢᠯᠡᠬᠦᠶᠢᠴᠡ ᠠᠰᠢᠭ ᠣᠷᠣᠯᠭ᠎ᠠ ᠶᠢ ᠨᠡᠮᠡᠭᠳᠡᠭᠦᠯᠪᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号