ᠯᠢᠨᠰᠢ ᠰᠢᠶᠠᠨ ᠤ ᠭᠤᠸᠠᠨᠳᠢ ᠪᠠᠯᠭᠠᠰᠤ ᠶᠡᠷᠦᠩᠬᠡᠶ ᠪᠡᠯᠡ ᠣᠷᠣᠭᠤᠯᠤᠯᠲᠠ ᠨᠢ 1.15 ᠳ᠋ᠦᠩᠰᠢᠭᠤᠷ ᠲᠥᠭᠦᠷᠢᠭ ᠤᠨ  ᠭᠤᠷᠪᠠᠨ ᠶᠡᠭᠡ ᠲᠥᠷᠥᠯ ᠵᠦᠶᠯ ᠲᠠᠢ ᠠᠮᠵᠢᠯᠲᠠ ᠲᠠᠢ ᠪᠠᠷ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2022/4/14
      ᠲᠦᠷᠦᠯ ᠵᠦᠢᠯ ᠪᠣᠯ ᠬᠥᠭᠵᠢᠯᠲᠡ ᠶᠢᠨ ᠵᠠᠩᠭᠢᠯᠠᠭ᠎ᠠ᠂ ᠠᠵᠤ ᠠᠬᠤᠢ ᠶᠢᠨ ᠠᠵᠢᠯ ᠤᠨ ︽ᠭᠤᠣᠯ ᠬᠥᠳᠡᠯᠭᠡᠭᠦᠷ︾ ᠮᠥᠨ᠃ ᠯᠢᠨᠰᠢ ᠰᠢᠶᠠᠨ ᠤ ᠭᠤᠸᠠᠨᠳᠢ ᠪᠠᠯᠭᠠᠰᠤ ᠬᠤᠩ ᠮᠧᠩ ᠵᠢᠶᠠ ᠯᠧ ᠹᠦ᠋ ᠬᠡᠲᠦ ᠳᠡᠯᠭᠡᠭᠦᠷ᠂ ᠯᠢᠨᠰᠢ ᠶᠢᠨ ᠵᠢᠶ ᠹᠧᠩ ᠲᠠᠷᠢᠶᠠᠯᠠᠩ ᠤᠨ ᠬᠡᠷᠡᠭᠰᠡᠯ ᠤᠨ ᠬᠢᠵᠠᠭᠠᠷᠲᠤ ᠺᠣᠮᠫᠠᠨᠢ᠂ ᠯᠢᠨᠰᠢ ᠶᠢᠨ ᠴᠢᠶᠠᠨ ᠵᠦ ᠪᠠᠷᠢᠯᠭ᠎ᠠ  ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠲᠠᠢ ᠲᠥᠪᠯᠡᠷᠡᠭᠦᠯᠦᠨ ᠭᠡᠷ᠎ᠡ ᠲᠣᠭᠲᠠᠵᠤ᠂ ᠭᠤᠷᠪᠠᠨ ᠶᠡᠭᠡ ᠲᠥᠷᠥᠯ ᠵᠦᠶᠯ ᠨᠢ ᠨᠡᠶᠢᠲᠡ 1.15 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠣᠯᠣᠨ᠎ᠠ᠃ ᠭᠤᠷᠪᠠᠨ ᠲᠦᠷᠦᠯ ᠵᠦᠢᠯ ᠨᠢ ᠲᠣᠰ ᠲᠣᠰ᠄ ᠪᠠᠷᠢᠯᠭ᠎ᠠ ᠶᠢᠨ ᠲᠠᠯᠠᠪᠠᠶ ᠨᠢ 10000 ᠲᠡᠭᠰᠢ ᠳᠥᠷᠪᠡᠯᠵᠢᠨ ᠮᠧᠲᠷ ᠤᠨ ᠬᠤᠩ ᠮᠧᠩ ᠵᠢᠶᠠ ᠯᠧ ᠹᠦ᠋ ᠬᠤᠳᠠᠯᠳᠤᠭᠠᠨ ᠤ ᠲᠠᠯᠠᠪᠠᠶ ᠶᠢᠨ ᠲᠥᠷᠥᠯ ᠵᠦᠶᠯ᠃ ᠯᠢᠨᠰᠢ ᠶᠢᠨ ᠵᠢᠶ ᠹᠧᠩ ᠲᠠᠷᠢᠶᠠᠯᠠᠩ ᠤᠨ ᠡᠳ᠋ ᠪᠠᠷᠠᠭ᠎ᠠ ᠶᠢᠨ ᠬᠢᠵᠠᠭᠠᠷᠲᠤ ᠺᠣᠮᠫᠠᠨᠢ ᠶᠢᠨ ᠵᠢᠯ ᠳᠤ 22500 ᠲᠣᠨ ᠰᠦᠯᠢᠶᠣᠣ ᠮᠥᠬᠦᠯᠢᠭ᠂ 4000 ᠲᠣᠨ ᠲᠠᠷᠢᠶᠠᠯᠠᠩ ᠤᠨ ᠪᠦᠷᠬᠦᠪᠴᠢ᠂ 6800 ᠲᠦᠮᠡᠨ ᠮᠧᠲᠷ ᠤᠨ ᠤᠰᠤ ᠠᠷᠪᠢᠯᠠᠬᠤ ᠤᠰᠤᠯᠠᠯᠲᠠ ᠶᠢᠨ ᠪᠦᠰᠡ ᠦᠢᠯᠡᠳᠪᠦᠷᠢᠯᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ᠂ 60 ᠮᠥ ᠲᠠᠯᠠᠪᠠᠶ ᠡᠵᠡᠯᠡᠬᠦ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠵᠡᠷᠭᠡ ᠪᠣᠯᠣᠨ᠎ᠠ᠂ ᠲᠥᠷᠥᠯ ᠵᠦᠶᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ 400  ᠭᠠᠷᠣᠢ ᠬᠥᠮᠦᠨ ᠤ ᠠᠵᠢᠯ ᠣᠯᠭᠤᠬᠤ ᠶᠢ ᠳᠠᠶᠢᠴᠢᠯᠠᠵᠤ ᠴᠢᠳᠠᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号