ᠯᠢᠨᠰᠢ ᠰᠢᠶᠠᠨ ᠤᠯᠠᠨ ᠠᠷᠭ᠎ᠠ ᠬᠡᠮᠵᠢᠶ᠎ᠡ ᠠᠪᠴᠦ ᠤᠯᠤᠰ ᠲᠦᠷᠦ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠬᠢᠵᠡᠢ
ᠨᠡᠶᠢᠲᠡᠯᠡᠭᠰᠡᠨ ᠴᠠᠭ᠄
2022/4/15
      ᠨᠢᠭᠡ ᠳᠤ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠣᠳᠠᠲᠠᠢ ᠠᠵᠢᠯ ᠤᠨ ᠬᠤᠪᠢᠶᠠᠷᠢᠯᠠᠯ ᠤᠨ ᠲᠥᠰᠦᠯ ᠢ ᠲᠣᠭᠲᠠᠭᠠᠨ ᠲᠠᠷᠬᠠᠭᠠᠪᠠ᠃      ᠬᠤᠶᠠᠷ ᠲᠤ ᠭᠤᠤᠯᠳᠠᠯᠭ᠎ᠠ ᠲᠠᠢ ᠲᠠᠯᠠᠪᠤᠷ ᠭᠠᠵᠠᠷ᠂ ᠠᠵᠢᠯᠲᠠᠨ ᠤ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ︽ᠲᠣᠮᠢᠯᠠᠭᠰᠠᠨ ᠰᠠᠯᠪᠤᠷᠢ ᠶᠢᠨ ᠤᠯᠤᠰ ᠲᠥᠷᠥ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠨᠠᠷᠢᠨ ᠲᠠᠩᠰᠠ ︾ ᠶᠢ ᠲᠣᠭᠲᠠᠭᠠᠵᠤ᠂ 21 ᠳᠤᠮᠳᠠᠳᠤ ᠪᠠᠭ᠎ᠠ ᠰᠤᠷᠭᠠᠭᠤᠯᠢ ᠬᠢᠭᠡᠳ ᠬᠡᠤᠬᠡᠳ ᠤᠨ ᠴᠡᠴᠡᠷᠯᠢᠭ᠂ ᠴᠢᠬᠤᠯᠠ ᠵᠢᠭᠰᠠᠭᠠᠯ ᠤᠨ ᠭᠠᠵᠠᠷ ᠲᠤ ᠴᠥᠮ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ  ᠨᠠᠶᠢᠳᠠᠪᠣᠷᠢᠵᠢᠭᠤᠯᠪᠠ᠃      ᠭᠤᠷᠪᠠ ᠳᠤ ᠰᠦᠷᠳᠡᠭᠦᠯᠦᠯ ᠢ ᠡᠰᠡᠷᠭᠦᠴᠡᠬᠦ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠵᠦ᠂ ᠨᠡᠶᠢᠳᠡ 3 ᠤᠳᠠᠭᠠᠨ ᠤ ᠰᠣᠷᠢᠯᠲᠠ ᠶᠢ ᠵᠣᠬᠢᠶᠠᠨ ᠪᠠᠶᠢᠭᠤᠯᠵᠠᠢ᠃ 192 ᠰᠦᠷᠳᠡᠭᠦᠯᠦᠯ ᠳᠤ ᠬᠤᠯᠪᠣᠭᠳᠠᠭᠰᠠᠨ ᠲᠠᠯᠳᠠ ᠭᠡᠮ ᠢ ᠴᠡᠭᠴᠡᠯᠡᠨ ᠰᠠᠶᠢᠵᠢᠷᠠᠭᠤᠯᠵᠤ᠂ 179 ᠬᠤᠪᠢ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠣᠭᠤᠯᠪᠠ᠃      ᠲᠦᠷᠪᠡ ᠳᠤ ︽ᠰᠦᠯᠵᠢᠶ᠎ᠡ ᠶᠢ ᠴᠡᠪᠡᠷᠯᠡᠬᠦ︾᠂ ︽ ᠰᠦᠯᠵᠢᠶ᠎ᠡ ᠶᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠢᠯᠢ ᠶᠢᠨ ᠭᠠᠳᠠᠨᠠᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ 30 ᠭᠠᠷᠤᠶ ᠤᠳᠠᠭ᠎ᠠ ᠬᠡᠳᠡᠷᠬᠦ ᠦᠢᠯᠡᠳᠬᠦ ᠠᠵᠢᠯ ᠢ ᠥᠷᠨᠢᠭᠦᠯᠵᠦ᠂ ᠰᠦᠯᠵᠢᠶᠡᠨ ᠳᠡᠭᠡᠷᠡᠬᠢ ᠬᠤᠣᠷ ᠬᠥᠨᠥᠭᠡᠯ ᠲᠠᠢ ᠮᠡᠳᠡᠭᠡ ᠵᠠᠩᠭᠢ ᠶᠢ 500 ᠭᠠᠷᠤᠶ ᠵᠦᠢᠯ  ᠰᠢᠢᠳᠪᠦᠷᠢᠯᠡᠪᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号