ᠯᠢᠨᠰᠢ ᠰᠢᠶᠠᠨ ᠠᠷᠢᠬᠢ ᠤᠤᠭᠤᠵᠤ ᠲᠡᠷᠭᠡ ᠵᠢᠯᠤᠭᠤᠳᠬᠤ ᠶᠢ ᠰᠥᠨᠢ ᠪᠠᠷ ᠪᠠᠶᠢᠴᠠᠭᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2022/4/18
      ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠨ᠂ ᠤᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠭᠤᠣᠯ ᠬᠤᠲᠠ ᠶᠢᠨ ᠲᠣᠭᠤᠷᠢᠭ ᠲᠤ ᠠᠷᠢᠬᠢ ᠤᠤᠭᠤᠵᠤ ᠲᠡᠷᠭᠡ ᠵᠢᠯᠤᠭᠤᠳᠬᠤ ᠶᠢ ᠰᠥᠨᠢ ᠪᠠᠷ ᠪᠠᠶᠢᠴᠠᠭᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ 8 ᠬᠠᠤᠯᠢ ᠬᠡᠷᠡᠭᠵᠢᠭᠦᠯᠬᠦ ᠳᠤᠮᠳᠠ ᠠᠩᠭᠢ ᠪᠦᠭᠦᠳᠡᠭᠡᠷ ᠬᠥᠳᠡᠯᠦᠯᠴᠡᠵᠦ᠂ ᠵᠦᠢ ᠵᠣᠬᠢᠰᠲᠠᠢ ᠬᠤᠷᠢᠭ᠎ᠠ ᠭᠠᠷᠭᠠᠵᠤ᠂ ᠰᠢᠨᠵᠢᠯᠡᠬᠦ ᠤᠬᠠᠭᠠᠨᠴᠢ ᠪᠠᠷ ᠴᠠᠭᠳᠠᠭ᠎ᠠ ᠪᠠᠶᠢᠷᠢᠯᠠᠭᠤᠯᠵᠤ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ᠂ ᠦᠨᠡᠮᠯᠡᠯ ᠦᠭᠡᠢ ᠪᠠᠷ ᠲᠡᠷᠭᠡ ᠵᠢᠯᠤᠭᠤᠳᠬᠤ ᠵᠡᠷᠭᠡ ᠳᠤ ᠴᠢᠩᠭ᠎ᠠ ᠴᠣᠬᠢᠯᠲᠠ ᠥᠭᠴᠡᠢ᠃ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠨᠢ ᠬᠤᠲᠠ ᠶᠢᠨ ᠲᠣᠭᠤᠷᠢᠭ ᠤᠨ ᠪᠠᠭᠤᠳᠠᠯ᠂ KTV᠂ ᠰᠢᠷᠠᠮᠠᠯ ᠤᠨ ᠳᠡᠯᠭᠡᠭᠦᠷ᠂ ᠠᠷᠢᠬᠢᠨ ᠮᠤᠬᠤᠯᠠᠭ ᠤᠨ ᠡᠷᠬᠢᠨ ᠲᠣᠭᠤᠷᠢᠨ ᠢᠶᠠᠷ ᠭᠤᠣᠯᠳᠠᠯᠭ᠎ᠠ ᠲᠠᠢ ᠣᠷᠣᠨ ᠪᠦᠰᠡ ᠪᠣᠯᠭᠠᠵᠤ᠂ ᠰᠡᠦᠬᠡ ᠮᠠᠰᠢᠨ᠂ ᠵᠢᠵᠢᠭ ᠬᠡᠯᠪᠡᠷᠢ ᠶᠢᠨ ᠮᠢᠶᠠᠨᠪᠣᠣ ᠲᠡᠷᠭᠡ᠂ ᠮᠣᠲ᠋ᠣᠷ ᠲᠡᠷᠭᠡ ᠵᠡᠷᠭᠡ ᠭᠤᠣᠯᠳᠠᠯᠭ᠎ᠠ ᠲᠠᠢ ᠲᠡᠷᠭᠡ ᠬᠥᠰᠬᠡ ᠳᠤ ᠴᠢᠭᠯᠡᠭᠦᠯᠦᠨ᠂ ᠠᠷᠢᠬᠢ ᠤᠤᠭᠤᠵᠤ ᠲᠡᠷᠭᠡ ᠵᠢᠯᠤᠭᠤᠳᠬᠤ᠂ ᠰᠣᠭᠲᠣᠭᠤ ᠪᠠᠷ ᠲᠡᠷᠭᠡ ᠵᠢᠯᠤᠭᠤᠳᠬᠤ᠂ ᠫᠠᠶᠢᠰᠠ ᠦᠨᠡᠮᠯᠡᠯ ᠳᠤ ᠬᠤᠯᠪᠣᠭᠳᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ ᠴᠢᠩᠭ᠎ᠠ ᠰᠢᠢᠳᠪᠦᠷᠢᠯᠡᠪᠡ᠃ ᠲᠣᠰ ᠤᠳᠠᠭᠠᠨ ᠤ ᠲᠤᠰᠬᠠᠢ ᠠᠵᠢᠯᠯᠠᠭ᠎ᠠ ᠳᠤ ᠠᠷᠢᠬᠢ ᠤᠤᠭᠤᠵᠤ ᠲᠡᠷᠭᠡ ᠵᠢᠯᠣᠭᠤᠳᠤᠭᠰᠠᠨ 2 ᠬᠡᠷᠡᠭ᠂ ᠰᠣᠭᠲᠣᠭᠤ ᠪᠠᠷ ᠲᠡᠷᠭᠡ ᠵᠢᠯᠣᠭᠤᠳᠤᠭᠰᠠᠨ 1 ᠬᠡᠷᠡᠭ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠤᠰᠤᠳ ᠠᠵᠢᠯᠯᠠᠭ᠎ᠠ ᠶᠢ 20 ᠭᠠᠷᠤᠢ ᠪᠠᠶᠢᠴᠠᠭᠠᠨ ᠰᠢᠢᠳᠪᠦᠷᠢᠯᠡᠵᠡᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号